8 ᠳ᠋ᠤᠭᠠᠷ ᠰᠠᠷ᠎ᠠ ᠶᠢᠨ 28 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ | ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ | ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠲᠤᠬᠠᠢ ᠭᠠᠵᠠᠷ ᠤᠨ ᠡᠪᠡᠳᠴᠢᠨ ᠤ ᠢᠯᠡᠷᠡᠯ | ᠦᠭᠡᠢ 2 ᠬᠠᠯᠳᠠᠪᠤᠷᠢᠯᠠᠭᠳᠠᠭᠴᠢ ︵ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ 8 ᠳ᠋ᠤᠭᠠᠷ ᠰᠠᠷ᠎ᠠ ᠶᠢᠨ 28 ᠤ | ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 30 ᠪᠠᠶᠢᠵᠤ᠂ ᠡᠭᠦᠨ ᠳᠤ ᠪᠤᠭᠤᠲᠤ ᠬᠤᠲᠠ ᠳᠤ 2 ︵ᠴᠥᠮ | ᠴᠢᠩᠱᠠᠨ ᠲᠣᠭᠤᠷᠢᠭ ᠲᠤ︶᠂ ᠬᠥᠯᠥᠨ ᠪᠤᠶᠢᠷ ᠬᠤᠲᠠ ᠳᠤ 6 ︵ᠴᠥᠮ ᠮᠠᠨᠵᠤᠤᠷ ᠬᠤᠲᠠ ᠳᠤ︶᠂ ᠰᠢᠯᠢ ᠶᠢᠨ | ᠭᠤᠣᠯ ᠠᠶᠢᠮᠠᠭ ᠲᠤ 8 ︵ᠴᠥᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 7 ︵ᠴᠥᠮ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠳᠤ︶᠂ ᠣᠷᠳᠣᠰ ᠬᠤᠲᠠ ᠳᠤ 7 ︵ᠵᠡᠭᠦᠨᠭᠠᠷ ᠬᠤᠰᠢᠭᠤᠨ ᠳᠤ 5᠂ | ᠣᠲᠤᠭ ᠬᠤᠰᠢᠭᠤᠨ ᠳᠤ 2︶᠂ ᠠᠯᠠᠱᠠ ᠠᠶᠢᠮᠠᠭ ᠲᠤ 3 ︵ᠴᠥᠮ ᠠᠯᠠᠱᠠ ᠵᠡᠭᠦᠨ ᠬᠤᠰᠢᠭᠤᠨ ᠳᠤ︶ ᠪᠣᠢ᠃ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 12 ᠪᠠᠶᠢᠵᠤ᠂ ᠴᠥᠮ ᠬᠥᠬᠡᠬᠤᠲᠠ ᠳᠤ ᠪᠣᠢ᠃ ᠡᠳᠡᠭᠡᠷ ᠬᠥᠮᠥᠰ ᠢ ᠴᠥᠮ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ | ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃ | |