ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/14
        ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠪᠤᠭᠤᠲᠤ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ 2022 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠪᠠ ︽ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2022 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠤᠯᠪᠣᠭᠳᠠᠯ ᠪᠦᠬᠦᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠶᠣᠰᠣᠭᠠᠷ᠂ 2022 ᠣᠨ ᠤ 9 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ ᠱᠢ ᠭᠤᠸᠠᠢ ᠲᠣᠭᠤᠷᠢᠭ ᠤᠨ ᠱᠢ ᠭᠤᠸᠠᠢ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠢᠳᠡᠭᠡᠨ ᠤ ᠠᠮᠤᠷ ᠲᠦᠪᠰᠢᠨ᠂ ᠡᠷᠡᠭᠦᠯ ᠮᠡᠨᠳᠦ ᠠᠮᠢᠳᠤᠷᠠᠯ ᠤᠨ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠬᠡᠯᠪᠡᠷᠢ ᠪᠠᠷ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠣᠶᠢᠷ᠎ᠠ ᠬᠠᠪᠢ ᠶᠢᠨ ᠬᠡᠲᠦ ᠳᠡᠯᠭᠡᠭᠦᠷ ᠵᠢᠴᠢ ᠬᠤᠭᠤᠯᠠᠨ ᠭᠡᠷ ᠲᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠪᠠ ᠢᠳᠡᠭᠡᠨ ᠤ ᠢᠷᠡᠯᠲᠡ ᠶᠢᠨ ᠴᠢᠨᠠᠷᠲᠠᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠵᠦ᠂ ᠵᠦᠢ ᠵᠣᠬᠢᠰᠲᠠᠢ ᠬᠤᠭᠤᠯᠠ ᠤᠮᠳᠠ᠂ ᠰᠢᠨᠵᠢᠯᠡᠬᠦ ᠤᠬᠠᠭᠠᠨᠴᠢ ᠪᠠᠷ ᠰᠢᠮ᠎ᠡ ᠲᠡᠵᠢᠭᠡᠯ ᠲᠠᠢ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠢ ᠰᠠᠨᠠᠭᠠᠴᠢᠯᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ   ᠠᠴᠠ ᠪᠠᠨ ᠬᠠᠤᠯᠢ ᠶᠢ ᠵᠢᠷᠤᠮᠯᠠᠨ ᠬᠠᠤᠯᠢ ᠶᠢ ᠰᠠᠬᠢᠭᠤᠯᠵᠤ᠂ ᠡᠷᠬᠡ ᠪᠠᠨ ᠬᠠᠮᠠᠭᠠᠯᠠᠬᠤ ᠴᠢᠳᠠᠪᠤᠷᠢ ᠪᠠ ᠰᠢᠨᠵᠢᠯᠡᠬᠦ ᠤᠬᠠᠭᠠᠨᠴᠢ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠨ᠎ᠡ᠃
C:\Users\Administrator\Desktop\1662448991339075097.jpg            ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠢ ᠬᠤᠪᠢ
ᠲᠠᠷᠬᠠᠭᠠᠵᠤ᠂ ᠲᠤᠬᠠᠢ ᠶᠢᠨ ᠲᠠᠯᠠᠪᠤᠷ ᠲᠤ 40 ᠭᠠᠷᠤᠢ ᠬᠥᠮᠥᠨ ᠤᠳᠠᠭ᠎ᠠ ᠠᠰᠠᠭᠤᠨ ᠯᠠᠪᠯᠠᠵᠠᠢ᠃ 
 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号