ᠱᠢ ᠭᠤᠸᠠᠢ ᠲᠣᠭᠤᠷᠢᠭ ᠤᠨ ᠴᠢᠳᠠᠪᠤᠷᠢᠲᠠᠨ ᠤ ᠨᠥᠭᠡᠴᠡ ᠶᠢᠨ ᠨᠥᠬᠦᠪᠦᠷᠢ ᠶᠢ ᠲᠠᠷᠬᠠᠭᠠᠪᠠ᠂ ᠰᠠᠷ᠎ᠠ ᠪᠦᠷᠢ 1000 ᠲᠥᠭᠦᠷᠢᠭ︕ᠬᠤᠷᠳᠤᠨ ᠢᠷᠡᠵᠦ ᠠᠪᠤᠭᠠᠷᠠᠢ
ᠨᠡᠶᠢᠲᠡᠯᠡᠭᠰᠡᠨ ᠴᠠᠭ᠄
2022/9/14
       ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠳᠤᠮᠳᠠ ᠪᠠᠭ᠎ᠠ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠲᠥᠷᠥ ᠶᠢᠨ ᠪᠣᠳᠣᠯᠭ᠎ᠠ  ᠶᠢ ᠢᠳᠡᠪᠬᠢᠲᠡᠢ ᠬᠥᠮᠥᠨ ᠬᠡᠷᠡᠭᠯᠡᠬᠦ ᠨᠢᠭᠡᠴᠡ ᠶᠢᠨ ᠰᠠᠨᠠᠭᠠᠴᠢᠯᠠᠭ᠎ᠠ  ᠠᠴᠠ ᠪᠠᠨ ᠴᠢᠳᠠᠪᠤᠷᠢᠲᠠᠨ ᠡᠯᠰᠡᠬᠦ ᠶᠢ ᠤᠯᠠᠮ ᠨᠢᠭᠡ ᠠᠯᠬᠤᠮ ᠵᠣᠷᠢᠭᠵᠢᠭᠤᠯᠤᠨ ᠳᠡᠮᠵᠢᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠵᠢᠵᠢᠭ ᠠᠵᠤ ᠠᠬᠤᠶᠢᠯᠠᠯ ᠪᠣᠯᠣᠨ ᠦᠨᠳᠦᠰᠦᠨ ᠱᠠᠲᠤᠨ ᠤ ᠨᠡᠶᠢᠭᠡᠮ ᠤᠨ ᠪᠦᠯᠬᠦᠮ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠬᠦᠷᠴᠦ ᠵᠣᠬᠢᠶᠠᠨ ᠪᠠᠶᠢᠭᠤᠯᠤᠨ ᠠᠵᠢᠯ ᠣᠯᠬᠤ ᠶᠢ ᠬᠥᠲᠥᠯᠥᠨ ᠵᠢᠯᠤᠭᠤᠳᠴᠤ᠂ ᠣᠶᠢᠷ᠎ᠠ ᠳᠤ᠂ ᠱᠢ ᠭᠤᠸᠠᠢ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠬᠤ ᠰᠠᠯᠠᠭ᠎ᠠ ᠮᠥᠴᠢᠷ ᠠᠴᠠ ᠴᠢᠳᠠᠪᠤᠷᠢᠲᠠᠨ ᠨᠥᠭᠡᠴᠡᠯᠡᠵᠦ ᠪᠠᠶᠢᠭ᠎ᠠ 6 ᠠᠵᠤ ᠠᠬᠤᠶᠢᠯᠠᠯ ᠳᠤ 2022 ᠣᠨ ᠤ 1-6 ᠰᠠᠷ᠎ᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡ ᠶᠢᠨ ᠨᠥᠬᠦᠪᠦᠷᠢ ᠨᠡᠶᠢᠲᠡ 10 ᠲᠦᠮᠡᠨ ᠲᠥᠭᠦᠷᠢᠭ ᠲᠠᠷᠬᠠᠭᠠᠪᠠ᠃       ᠨᠢᠭᠡ᠂ ᠡᠯᠰᠡᠬᠦ ᠡᠲᠡᠭᠡᠳ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠷᠣᠭᠴᠢ ᠶᠢᠨ ᠢᠷᠡᠯᠲᠡ ᠶᠢᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ   ᠠᠴᠠ ᠳᠡᠭᠡᠭᠰᠢᠬᠢ ᠲᠣᠰ ᠬᠤᠭᠤᠴᠠᠭᠠᠨ ᠤ ᠲᠡᠭᠦᠰᠦᠭᠰᠡᠳ ᠵᠢᠴᠢ ᠲᠡᠭᠦᠰᠦᠭᠰᠡᠨ ᠤ ᠳᠠᠷᠠᠭᠠᠬᠢ ᠭᠤᠷᠪᠠᠨ ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠯ᠎ᠡ ᠵᠦᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ︵ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠥᠷᠥᠯ ᠵᠦᠢᠯ ᠪᠠᠭᠲᠠᠨ᠎ᠠ︶ ᠳᠤ ᠦᠢᠯᠡᠴᠢᠯᠡᠬᠦ ᠪᠤᠶᠤ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠬᠥᠮᠥᠰ ᠢ ᠰᠢᠯᠢᠨ ᠰᠣᠩᠭᠤᠬᠤ ᠬᠡᠪᠴᠢᠶᠡᠨ ᠳᠤ ᠣᠷᠣᠭᠤᠯᠬᠤ ᠦᠭᠡᠢ᠃        ᠬᠤᠶᠠᠷ᠂ ᠨᠥᠬᠦᠪᠦᠷᠢ ᠶᠢᠨ ᠪᠠᠷᠢᠮᠵᠢᠶ᠎ᠠ᠄ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠦᠢᠯᠡᠴᠢᠯᠡᠭᠡᠨ ᠤ ᠬᠤᠭᠤᠴᠠᠭ᠎ᠠ ᠬᠢᠵᠠᠭᠠᠷ ᠨᠢ ᠬᠤᠶᠠᠷ ᠵᠢᠯ ᠪᠣᠯᠣᠨ᠎ᠠ᠂ ᠡᠨᠡ ᠬᠤᠭᠤᠴᠠᠭᠠᠨ ᠳᠤ ᠠᠵᠤ ᠠᠬᠤᠶᠢᠯᠠᠯ ᠨᠢ ᠵᠠᠰᠠᠭ ᠤᠨ ᠣᠷᠳᠣᠨ ᠤ ᠬᠥᠮᠥᠨ ᠪᠦᠷᠢ ᠳᠤ ᠰᠠᠷ᠎ᠠ ᠪᠦᠷᠢ 1000 ᠲᠥᠭᠦᠷᠢᠭ ᠤᠨ ᠨᠥᠬᠦᠪᠦᠷᠢ ᠣᠯᠭᠤᠵᠤ ᠪᠣᠯᠣᠨ᠎ᠠ᠂ ᠦᠯᠡᠳᠡᠭᠡᠨ ᠬᠡᠷᠡᠭᠯᠡᠵᠦ ᠨᠥᠭᠡᠴᠡᠯᠡᠬᠦ ᠬᠤᠭᠤᠴᠠᠭ᠎ᠠ ᠨᠢ ᠳᠦᠭᠦᠷᠦᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠯᠡᠳᠡᠭᠡᠨ ᠬᠡᠷᠡᠭᠯᠡᠬᠦ ᠬᠥᠮᠥᠨ ᠤ ᠲᠤᠭ᠎ᠠ ᠪᠠᠷ᠂ ᠠᠵᠤ ᠠᠬᠤᠶᠢᠯᠠᠯ ᠨᠢ ᠪᠠᠰᠠ ᠵᠠᠰᠠᠭ ᠤᠨ ᠣᠷᠳᠣᠨ  ᠠᠴᠠ ᠣᠯᠭᠤᠭᠰᠠᠨ 1 ᠵᠢᠯ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠬᠦᠷᠲᠡᠵᠦ ᠪᠣᠯᠣᠨ᠎ᠠ᠃ᠨᠥᠭᠡᠴᠡ ᠰᠣᠷᠣᠭᠴᠢ ᠶᠢᠨ ᠬᠤᠭᠤᠴᠠᠭ᠎ᠠ ᠨᠢ ᠳᠦᠭᠦᠷᠦᠭᠡᠳ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠴᠢᠳᠠᠪᠤᠷᠢᠲᠠᠨ ᠤ ᠨᠥᠭᠡᠴᠡᠯᠡᠯ ᠤᠨ ᠦᠨᠡᠮᠯᠡᠯ︾ ᠢ ᠣᠯᠭᠤᠬᠤ ᠶᠢᠨ ᠬᠠᠮᠲᠤ ︽ᠦᠨᠳᠦᠰᠦᠨ ᠱᠠᠲᠤᠨ ᠳᠤ ᠦᠢᠯᠡᠴᠢᠯᠡᠬᠦ ᠵᠢᠷᠭᠤᠭᠠᠨ ᠲᠥᠷᠥᠯ ᠤᠨ ᠲᠥᠷᠥᠯ ᠵᠦᠢᠯ ᠤᠨ ᠰᠣᠷᠣᠭᠴᠢ︾ ᠶᠢᠨ ᠬᠡᠪᠴᠢᠶᠡᠨ ᠳᠤ ᠣᠷᠣᠭᠤᠯᠵᠤ᠂ ᠬᠠᠮᠢᠶ᠎ᠠ ᠪᠦᠬᠦᠢ ᠬᠠᠨᠳᠤᠯᠭ᠎ᠠ ᠲᠠᠢ ᠪᠠᠷ ᠰᠢᠯᠭᠠᠨ ᠡᠯᠰᠡᠬᠦ᠂ ᠤᠷᠢᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ᠭᠤᠷᠪᠠ᠂ ᠭᠤᠶᠤᠴᠢᠯᠠᠬᠤ ᠠᠷᠭ᠎ᠠ ᠮᠠᠶ᠋ᠢᠭ᠄ ᠨᠥᠬᠦᠴᠡᠯ ᠳᠤ ᠨᠡᠶᠢᠴᠡᠬᠦ ᠳᠤᠮᠳᠠ ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠨᠢ ᠰᠢᠭᠤᠳ ᠱᠢ ᠭᠤᠸᠠᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠭᠤᠶᠤᠴᠢᠯᠠᠯ ᠢᠶᠠᠨ ᠳᠤᠷᠠᠳᠴᠤ ᠪᠣᠯᠣᠨ᠎ᠠ᠃ᠯᠠᠪᠯᠠᠬᠤ ᠤᠲᠠᠰᠤ᠄ 2730905 
 
ᠢᠷᠡᠯᠲᠡ᠄ ᠬᠥᠮᠥᠨ ᠤ ᠬᠦᠴᠦᠨ ᠤ ᠡᠬᠢ ᠪᠠᠶᠠᠯᠢᠭ ᠪᠠ‌ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号