ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠶ᠎ᠠ
ᠨᠡᠶᠢᠲᠡᠯᠡᠭᠰᠡᠨ ᠴᠠᠭ᠄
2022/9/15
          ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠲᠠᠰᠢᠷᠠᠮ ᠳᠤ᠂ ᠰᠠᠭᠤᠭᠠᠯᠢ ᠠᠷᠠᠳ ᠤᠨ ᠣᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃9 ᠰᠠᠷ᠎ᠠ ᠶᠢᠨ 9  ᠤ ᠦᠳᠡ ᠶᠢᠨ ᠡᠮᠦᠨ᠎ᠡ᠂ ᠬᠤᠳᠠᠯᠳᠤᠭᠠᠨ ᠤ ᠶᠠᠪᠤᠳᠠᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠹᠠᠨ ᠹᠦ᠋ ᠵᠢᠶᠠᠩ ᠪᠦᠯᠬᠦᠮ ᠳᠠᠭᠠᠭᠤᠯᠤᠨ ᠪᠤᠭᠤᠲᠤ ᠶᠢᠨ ᠡᠷᠲᠡᠨ ᠤ ᠬᠤᠳᠠ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠡᠳᠦᠪ ᠪᠣᠯᠭᠠᠨ ᠡᠷᠬᠢᠯᠡᠭᠰᠡᠡ︽ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ︾2022 ᠣᠨ ᠤ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠬᠦᠷᠭᠡᠬᠦ ᠤᠬᠠᠭᠤᠯᠭ᠎ᠠ ᠦᠵᠡᠭᠦᠯᠦᠯᠭᠡ ᠦᠵᠡᠭᠦᠯᠦᠯᠭᠡ ᠶᠢᠨ ᠠᠵᠢᠯᠯᠠᠭ᠎ᠠ ᠳᠤ ᠣᠷᠣᠯᠴᠠᠪᠠ᠃         ᠲᠤᠬᠠᠢ ᠶᠢᠨ ᠲᠠᠯᠠᠪᠠᠢ ᠳᠤ ᠡᠯ᠎ᠡ ᠦᠵᠡᠰᠬᠦᠯᠡᠩ ᠤᠨ ᠣᠷᠳᠣᠨ ᠢ ᠲᠣᠭᠤᠷᠢᠨ ᠦᠵᠡᠵᠦ᠂ ᠤᠳᠤᠮᠰᠢᠯ ᠤᠨ ᠪᠤᠰᠤ ᠳᠠᠭᠠᠭᠠᠴᠢᠯᠠᠭᠴᠢ ᠶᠢᠨ ᠭᠠᠷ ᠤᠷᠠᠯᠠᠯ ᠤᠨ ᠴᠠᠭᠠᠰᠤᠨ ᠬᠠᠶᠢᠴᠢᠯᠠᠮᠠᠯ᠂ ᠭᠤᠯᠢᠷ ᠤᠨ ᠱᠤᠭᠤᠮᠠᠯ᠂ ᠰᠢᠬᠢᠷ ᠤᠨ ᠬᠥᠮᠥᠨ᠂ ᠭᠠᠷ ᠤᠷᠠᠯᠠᠯ ᠤᠨ ᠰᠠᠪᠤᠩ᠂ ᠪᠤᠭᠤᠲᠤ ᠶᠢᠨ ᠣᠨᠴᠠᠯᠢᠭᠲᠤ ᠪᠠᠭ᠎ᠠ ᠢᠳᠡᠭᠡᠨ ᠤ ᠴᠠᠢ ᠶᠢᠨ ᠱᠥᠯᠥ ᠶᠢᠨ ᠦᠢᠯᠡᠳᠬᠡᠯ ᠤᠨ ᠭᠠᠵᠠᠷ ᠢ ᠲᠣᠭᠤᠷᠢᠨ ᠦᠵᠡᠪᠡ᠃ᠲᠣᠭᠤᠷᠢᠨ ᠦᠵᠡᠵᠦ ᠰᠣᠨᠢᠷᠬᠠᠬᠤ ᠶᠠᠪᠤᠴᠠ ᠳᠤ᠂ ᠤᠯᠠᠨ ᠢᠶᠠᠷ ᠢᠶᠠᠨ ᠪᠠᠶᠢᠨ ᠪᠠᠶᠢᠨ ᠵᠣᠭᠰᠣᠵᠤ ᠰᠣᠨᠢᠷᠬᠠᠨ ᠦᠵᠡᠵᠦ᠂ ᠪᠡᠶ᠎ᠡ ᠪᠠᠷ ᠢᠶᠠᠨ ᠬᠦᠷᠦᠭᠰᠡᠨ ᠲᠥᠷᠥᠭᠳᠡᠯ ᠨᠢ ᠨᠤᠲᠤᠭ ᠤᠨ ᠵᠠᠩᠰᠢᠯ ᠢ ᠲᠠᠭᠠᠬᠰᠠᠨ ᠲᠥᠷᠥᠭᠳᠡᠯ ᠪᠣᠯᠵᠤ᠂ ᠭᠤᠶᠢᠳᠠ ᠰᠠᠶᠢᠬᠠᠨ ᠦᠵᠡᠭᠦᠯᠦᠯᠭᠡ ᠶᠢᠨ ᠵᠦᠢᠯᠡᠰ ᠤᠨ ᠠᠷᠤ ᠳᠠᠬᠢ ᠦᠯᠢᠭᠡᠷ ᠢ ᠨᠠᠷᠢᠨ ᠠᠮᠲᠠᠯᠠᠨ᠎ᠠ᠃ᠦᠵᠡᠰᠬᠦᠯᠡᠩ  ᠢ ᠲᠣᠭᠤᠷᠢᠨ ᠦᠵᠡᠬᠦ ᠶᠠᠪᠤᠴᠠ ᠳᠤ ᠣᠯᠠᠨ ᠢᠶᠠᠷ ᠢᠶᠠᠨ ᠦᠵᠡᠰᠬᠦᠯᠡᠩ᠂ ᠤᠷᠠᠯᠢᠭ  ᠢ ᠰᠣᠨᠢᠷᠬᠠᠬᠤ᠂ ᠲᠠᠶᠢᠯᠤᠮᠵᠢ  ᠶᠢ ᠰᠣᠨᠣᠰᠬᠤ᠂ ᠰᠣᠶᠣᠯ  ᠢ ᠭᠦᠨᠳᠡᠬᠦ ᠪᠠᠷ ᠳᠠᠮᠵᠢᠭᠤᠯᠤᠨ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠰᠣᠶᠣᠯ ᠤᠨ ᠷᠢᠳᠢ ᠰᠢᠳᠢ ᠪᠠ ᠤᠷᠠᠯᠢᠭ ᠤᠨ ᠰᠣᠨᠢᠷᠬᠠᠯ  ᠢ ᠪᠡᠶ᠎ᠡ ᠪᠠᠷ  ᠢᠶᠠᠨ ᠣᠶᠢᠯᠠᠭᠠᠵᠤ ᠮᠡᠳᠡᠭᠰᠡᠨ ᠪᠠᠶᠢᠨ᠎ᠠ᠃ᠪᠣᠳᠠᠰ ᠤᠨ ᠪᠤᠰᠤ ᠰᠣᠶᠣᠯ ᠤᠨ ᠥᠪ ᠲᠤ ᠮᠠᠨ ᠤ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠣᠨᠴᠠ ᠪᠠᠶᠢᠳᠠᠭ ᠤᠶᠤᠨ ᠰᠠᠨᠠᠭᠠᠨ ᠤ ᠦᠨ᠎ᠡ ᠦᠷᠳᠡᠭ᠂ ᠰᠡᠳᠬᠢᠬᠦᠢ ᠶᠢᠨ ᠠᠷᠭ᠎ᠠ ᠮᠠᠶ᠋ᠢᠭ᠂ ᠲᠥᠰᠥᠭᠡᠯᠡᠨ ᠪᠤᠳᠤᠬᠤ ᠴᠢᠳᠠᠪᠤᠷᠢ ᠪᠠ ᠰᠣᠶᠣᠯ ᠤᠨ ᠤᠬᠠᠮᠰᠠᠷ ᠠᠭᠤᠯᠤᠭᠳᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢ ᠢᠯᠡᠷᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠪᠣᠯᠬᠤ ᠶᠤᠮ᠃
C:\Users\Administrator\Desktop\1663052957836090995.jpg         ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠠᠭᠤᠯᠤᠭᠳᠠᠬᠤᠨ ᠢ ᠣᠶᠢᠯᠠᠭᠠᠬᠤ ᠪᠠᠷ
ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠰᠣᠶᠣᠯ ᠤᠨ ᠤᠬᠠᠮᠰᠠᠷ ᠪᠠ ᠰᠣᠶᠣᠯ ᠤᠨ ᠢᠲᠡᠭᠡᠯ ᠢ ᠦᠨᠡᠨ ᠬᠦ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ!
 
ᠢᠷᠡᠯᠲᠡ᠄ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号