︽ᠦᠢᠯᠡᠴᠢᠯᠡᠭᠡ ᠪᠠᠨ ᠬᠦᠯᠢᠴᠡᠩᠭᠦᠢ ᠪᠠᠷ ᠰᠠᠶᠢᠲᠤᠷ ᠬᠠᠷᠢᠭᠤᠴᠠᠵᠤ᠂ ᠭᠡᠷ ᠤᠨ ᠬᠥᠮᠥᠰ ᠲᠠᠢ ᠪᠠᠨ ᠠᠳᠠᠯᠢᠬᠠᠨ︾ | ᠂︽ᠠᠷᠠᠳ ᠲᠦᠮᠡᠨ ᠤ ᠲᠥᠯᠥᠭᠡ ᠵᠣᠪᠠᠭᠤᠷᠢ ᠵᠦᠳᠡᠭᠦᠷᠢ ᠶᠢ ᠰᠢᠢᠳᠪᠦᠷᠢᠯᠡᠵᠦ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠎ᠡ︾᠃ᠣᠶᠢᠷ᠎ᠠ ᠳᠤ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠪᠠᠢ ᠴᠤᠸᠠᠨ ᠾᠧ ᠨᠧᠩ ᠰᠢᠨᠵᠢᠯᠡᠬᠦ ᠤᠬᠠᠭᠠᠨ ᠮᠡᠷᠭᠡᠵᠢᠯ ︵ᠪᠤᠭᠤᠲᠤ ᠬᠤᠲᠠ︶ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠦᠷᠭᠡᠵᠦ ᠢᠷᠡᠭᠰᠡᠨ ᠬᠡᠮᠡᠷᠯᠢᠭ ᠲᠤᠭ ᠢ ᠭᠥᠯᠢᠶᠡᠨ ᠠᠪᠤᠭᠰᠠᠨ ᠪᠥᠭᠡᠳ | ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠥᠨᠳᠥᠷ ᠪᠦᠲᠦᠮᠵᠢᠲᠡᠶ ᠪᠠᠷ ᠬᠡᠷᠡᠭ ᠶᠠᠪᠤᠳᠠᠯ | ᠰᠢᠢᠳᠪᠦᠷᠢᠯᠡᠭᠰᠡᠨ᠂ ᠬᠠᠯᠠᠭᠤᠮᠰᠤᠭ ᠨᠢᠮᠪᠠᠢ ᠦᠢᠯᠡᠴᠢᠯᠡᠭᠡ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | 9 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠲᠣᠰ ᠺᠣᠮᠫᠠᠨᠢ ᠶᠢᠨ ᠬᠠᠷᠢᠭᠤᠴᠠᠯᠭᠠᠲᠠᠨ | ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠣᠷᠣᠨ ᠳᠤ ᠡᠵᠡᠩᠨᠡᠯᠲᠡ ᠶᠢᠨ ᠦᠨᠡᠮᠯᠡᠯ ᠳᠤ ᠬᠡᠷᠡᠭᠰᠡᠬᠦ | ᠮᠠᠲ᠋ᠧᠷᠢᠶᠠᠯ ᠢ ᠲᠤᠰᠢᠶᠠᠵᠠᠢ᠂ ᠠᠵᠤ ᠠᠬᠤᠶᠢᠯᠠᠯ ᠨᠢ ᠪᠠᠶᠢᠭᠠᠯᠢ ᠬᠥᠮᠥᠨ ᠤ ᠬᠤᠪᠢ ᠣᠷᠣᠭᠤᠯᠤᠭᠴᠢ ᠪᠠᠷ | ᠪᠦᠷᠢᠯᠳᠦᠭᠰᠡᠨ ᠪᠢᠰᠢ ᠪᠣᠯᠬᠤᠷ ᠪᠡᠯᠡᠳᠬᠡᠭᠰᠡᠨ ᠮᠠᠲ᠋ᠧᠷᠢᠶᠠᠯ ᠵᠢᠴᠢ ᠠᠵᠢᠯᠯᠠᠬᠤ ᠶᠠᠪᠤᠴᠠ ᠨᠢ ᠴᠥᠮ ᠬᠠᠷᠢᠴᠠᠩᠭᠤᠢ | ᠪᠤᠳᠤᠯᠢᠶᠠᠨᠲᠠᠢ ᠮᠥᠷᠲᠡᠭᠡᠨ ᠡᠷᠭᠢᠯᠡᠨ ᠬᠢᠭᠴᠢ ᠨᠢ ᠨᠠᠰᠤ ᠠᠬᠢᠭᠰᠠᠨ ᠪᠣᠯᠬᠤᠷ ᠭᠠᠷ ᠤᠲᠠᠰᠤᠨ ᠤ ᠺᠣᠮᠫᠢᠦ᠋ᠲ᠋ᠧᠷ ᠤᠨ | ᠠᠵᠢᠯᠯᠠᠭᠠᠨ ᠳᠤ ᠪᠣᠯᠪᠠᠰᠤᠷᠠᠩᠭᠤᠢ ᠪᠤᠰᠤ ᠪᠠᠶᠢᠳᠠᠭ᠃ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠠᠵᠢᠯᠲᠠᠨ ᠬᠠᠨ ᠵᠢᠶᠠ ᠢᠦᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠴᠠᠭ ᠲᠤᠬᠠᠢ ᠳᠤᠨᠢ ᠠᠵᠤ ᠠᠬᠤᠶᠢᠯᠠᠯ ᠢ | ᠬᠠᠪᠰᠤᠷᠤᠨ ᠬᠡᠷᠡᠭᠰᠡᠬᠦ ᠮᠠᠲ᠋ᠧᠷᠢᠶᠠᠯ ᠢ ᠪᠡᠯᠡᠳᠬᠡᠵᠦ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠢᠳᠪᠦᠷᠢᠯᠡᠵᠦ᠂ | ᠲᠣᠰ ᠡᠳᠦᠷ ᠤᠨ ᠦᠳᠡ ᠶᠢᠨ ᠡᠮᠦᠨ᠎ᠡ ᠡᠵᠡᠩᠨᠡᠯᠲᠡ ᠶᠢᠨ ᠦᠨᠡᠮᠯᠡᠯ ᠢ ᠤᠷᠤᠭᠰᠢᠲᠠᠢ ᠣᠯᠵᠤ᠂ ︽ᠬᠠᠮᠤᠭ ᠤᠨ | ᠠᠷᠪᠢᠨ ᠳᠠᠭᠠᠨ ᠨᠢᠭᠡ ᠤᠳᠠᠭ᠎ᠠ ᠭᠦᠶᠦᠯᠭᠡᠵᠦ᠂ ᠦᠢᠯᠡᠴᠢᠯᠡᠭᠡ ᠶᠢ ᠥᠴᠥᠬᠡᠨ ᠴᠦ ᠵᠠᠢ ᠦᠭᠡᠢ ᠪᠣᠯᠭᠠᠬᠤ︾ | ᠶᠠᠪᠤᠳᠠᠯ ᠢ ᠦᠨᠡᠨ ᠬᠦ ᠪᠡᠶᠡᠯᠡᠭᠦᠯᠵᠡᠢ᠃ |  ᠬᠡᠮᠡᠷᠯᠢᠭ ᠲᠤᠭ ᠪᠣᠯ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ ᠨᠡᠩ ᠴᠤ ᠰᠢᠨ᠎ᠡ ᠡᠭᠦᠷᠭᠡ | ᠬᠠᠷᠢᠭᠤᠴᠠᠯᠭ᠎ᠠ ᠮᠥᠨ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ | ᠣᠶᠢᠯᠠᠭᠠᠭᠳᠠᠬᠤᠨ ᠢᠶᠠᠨ ᠬᠤᠪᠢᠷᠠᠭᠤᠯᠤᠨ᠂ ᠦᠢᠯᠡᠴᠢᠯᠡᠭᠡᠨ ᠤ ᠠᠵᠢᠯᠯᠠᠭ᠎ᠠ ᠪᠠᠨ ᠵᠢᠷᠤᠮᠵᠢᠭᠤᠯᠤᠨ᠎ᠠ᠂ ᠨᠡᠩ ᠴᠤ | ᠬᠡᠷᠡᠭ ᠡᠷᠬᠢᠯᠡᠬᠦ ᠶᠠᠪᠤᠴᠠ ᠶᠢ ᠲᠠᠰᠤᠷᠠᠯᠲᠠ ᠦᠭᠡᠢ ᠳᠥᠭᠦᠮᠴᠢᠯᠡᠵᠦ᠂ ᠬᠡᠷᠡᠭ ᠡᠷᠬᠢᠯᠡᠬᠦ ᠴᠠᠭ ᠤᠨ ᠬᠢᠵᠠᠭᠠᠷ ᠢ | ᠪᠣᠭᠤᠨᠢᠰᠬᠠᠵᠤ᠂ ᠪᠦᠬᠦ ᠶᠠᠪᠤᠴᠠ ᠪᠠᠷ ᠡᠯ᠎ᠡ ᠲᠦᠷᠦᠯ ᠤᠨ ᠬᠡᠷᠡᠭ ᠶᠠᠪᠤᠳᠠᠯ ᠢ ᠭᠤᠶᠤᠴᠢᠯᠠᠨ ᠭᠦᠢᠴᠡᠳᠬᠡᠬᠦ ᠳᠤ | ᠬᠠᠪᠰᠤᠷᠴᠤ᠂ ᠤᠯᠠᠨ ᠲᠦᠮᠡᠨ ᠪᠠ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠬᠡᠷᠡᠭ ᠡᠷᠬᠢᠯᠡᠬᠦ ᠶᠠᠪᠤᠴᠠ ᠳᠤ | ᠲᠤᠯᠭᠠᠷᠠᠭᠰᠠᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠶᠠᠪᠤᠬᠤ | ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠦᠢᠯᠡᠴᠢᠯᠡᠭᠡᠨ ᠤ ᠲᠦᠪᠰᠢᠨ ᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ | ᠬᠡᠷᠡᠭᠲᠡᠢ᠃ |