9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᠬᠤᠶ ᠨᠠᠷ | ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠦᠷᠴᠦ ᠪᠠᠶᠢᠴᠠᠭᠠᠨ | ᠰᠤᠳᠤᠯᠤᠯᠲᠠ ᠬᠢᠵᠦ ᠠᠵᠢᠯ ᠵᠢᠯᠣᠭᠤᠳᠪᠠ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠬᠤᠩ ᠸᠧᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳ᠋ᠦᠩ ᠱᠦ᠋ ᠰᠢᠶᠦ᠋ᠩ | ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠶᠡᠭᠡ ᠲᠢᠩᠬᠢᠮ ᠤᠨ ᠠᠵᠢᠯᠯᠠᠭᠠᠨ ᠤ ᠲᠣᠭᠲᠠᠴᠠ᠂ | ᠠᠵᠢᠯᠲᠠᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠂ ᠰᠠᠯᠠᠭ᠎ᠠ | ᠮᠥᠴᠢᠷ ᠤᠳ ᠣᠷᠣᠵᠤ ᠰᠠᠭᠤᠬᠤ᠂ ᠣᠯᠠᠨ ᠲᠦᠮᠡᠨ ᠬᠡᠷᠡᠭ ᠤᠴᠢᠷ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ | ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃ | ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳ᠋ᠡ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠭᠦᠨᠵᠡᠭᠡᠶᠢᠷᠡᠵᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠤᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠵᠢᠴᠢ ᠶᠡᠷᠦᠩᠬᠡᠶᠢᠯᠡᠭᠰᠡᠨ ᠴᠣᠩᠬᠤᠨ ᠤ ᠨᠠᠶᠢᠳᠠᠪᠤᠷᠢᠵᠢᠭᠤᠯᠤᠯᠲᠠ ᠶᠢ | ᠠᠬᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠣᠳᠣᠬᠠᠨ ᠳᠤ ᠮᠠᠨ ᠤ | ᠲᠣᠪᠴᠢᠶᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠬᠤ ᠶᠢᠨ | ᠬᠠᠮᠲᠤ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠵᠣᠬᠢᠴᠠᠩᠭᠤᠢ ᠰᠢᠢᠳᠪᠦᠷᠢᠯᠡᠬᠦ ᠠᠷᠭ᠎ᠠ ᠶᠢ | ᠳᠤᠷᠠᠳᠤᠨ ᠭᠠᠷᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠰᠢᠨ᠎ᠡ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ |  ᠳ᠋ᠦᠩ ᠱᠦ᠋ ᠰᠢᠶᠦᠶᠢᠩ ᠢᠯᠡᠷᠬᠡᠶᠢᠯᠡᠬᠦ ᠳᠡᠭᠡᠨ᠂ ᠰᠢᠭᠤᠶᠢᠲᠤ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠣᠰ ᠤᠳᠠᠭᠠᠨ ᠤ ᠪᠠᠶᠢᠴᠠᠭᠠᠨ ᠰᠤᠳᠤᠯᠬᠤ | ᠳᠤᠭᠤᠶᠢᠯᠠᠩ ᠤᠨ ᠵᠢᠯᠤᠭᠤᠳᠬᠤ ᠰᠠᠨᠠᠯ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠵᠢᠯ ᠤᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠪᠣᠳᠠᠲᠠᠢ ᠳᠤ ᠰᠠᠭᠤᠷᠢᠯᠠᠨ᠂ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠪᠠᠷ ᠬᠢᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠭᠡᠵᠡᠢ᠃ | | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠰᠠᠯᠠᠭᠠᠨ ᠤ ᠳᠠᠷᠤᠭ᠎ᠠ ᠯᠥᠸᠧ ᠷᠦᠥᠸ᠋ ᠭᠠᠩ ᠵᠢᠴᠢ | ᠬᠠᠮᠢᠶ᠎ᠠ ᠪᠦᠬᠦᠢ ᠠᠵᠢᠯᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | |