ᠰᠢᠭᠤᠶᠢᠲᠣ ᠲᠣᠭᠤᠷᠢᠭ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ᠬᠤᠶᠠᠷ ᠥᠮᠡᠨ ᠢ ᠰᠢᠭᠰᠢᠨ ᠪᠠᠶᠢᠴᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/21
      2022 ᠣᠨ ᠤ 9 ᠰᠠᠷ᠎ᠠ ᠶᠢᠨ 15 ᠤ ᠡᠳᠦᠷ᠂ ᠲᠣᠭᠤᠷᠢᠭ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠤᠨ ᠰᠢᠭᠤᠶᠢᠲᠣ  ᠰᠢᠨ᠎ᠡ ᠲᠣᠭᠤᠷᠢᠭ ᠲᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ ᠢ ᠰᠢᠭᠰᠢᠨ ᠪᠠᠶᠢᠴᠠᠭᠠᠬᠤ︾ ᠲᠥᠷᠥᠯ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃﹈

C:\Users\Administrator\Desktop\1663316564449007926.jpg        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠡᠯᠭᠦᠭᠡ ᠪᠢᠴᠢᠭᠡᠰᠦ

ᠡᠯᠭᠦᠵᠦ᠂ ᠠᠰᠠᠭᠤᠨ ᠯᠠᠪᠯᠠᠬᠤ ᠲᠠᠪᠴᠠᠩ ᠪᠠᠶᠢᠭᠤᠯᠤᠨ᠂ ᠤᠬᠠᠭᠤᠯᠭ᠎ᠠ ᠶᠢᠨ ᠰᠠᠮᠪᠠᠷ᠎ᠠ ᠳᠡᠯᠭᠡᠵᠦ᠂ ᠣᠯᠠᠨ

ᠲᠦᠮᠡᠨ ᠳᠤ ᠤᠬᠠᠭᠤᠯᠭ᠎ᠠ ᠶᠢᠨ ᠳᠡᠪᠲᠡᠷ ᠲᠠᠷᠬᠠᠭᠠᠬᠤ ᠶᠢᠨ ᠬᠠᠮᠲᠤ ᠣᠯᠠᠨ ᠲᠦᠮᠡᠨ ᠳᠤ ᠰᠠᠪᠠ ᠶᠢᠨ ᠬᠦᠵᠦᠭᠦᠨ ᠤ

ᠥᠮᠡᠨ᠂ ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ ᠪᠠ ᠲᠥᠷᠥᠯ

ᠵᠦᠢᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠡᠮᠡᠭᠲᠡᠶᠢᠴᠦᠳ ᠣᠯᠠᠨ ᠲᠦᠮᠡᠨ ᠢ

ᠬᠥᠲᠥᠯᠥᠨ ᠵᠢᠯᠤᠭᠤᠳᠴᠤ ᠪᠠᠶᠢᠭᠠᠳ ᠲᠣᠰ ᠪᠡᠶ᠎ᠡ ᠶᠢᠨ ᠡᠷᠡᠭᠦᠯ ᠮᠡᠨᠳᠦ ᠪᠠᠨ ᠬᠠᠯᠠᠮᠵᠢᠯᠠᠨ ᠬᠠᠶᠢᠷᠠᠯᠠᠵᠤ᠂ ᠰᠠᠪᠠ ᠶᠢᠨ

ᠬᠦᠵᠦᠭᠦᠦ ᠪᠠ ᠬᠥᠬᠦᠨ ᠪᠤᠯᠴᠢᠷᠬᠠᠢ ᠶᠢᠨ ᠡᠷᠡᠭᠦᠯ ᠮᠡᠨᠳᠦ ᠪᠠᠨ ᠠᠩᠬᠠᠷᠤᠨ ᠬᠠᠯᠠᠮᠵᠢᠯᠠᠵᠤ᠂ ᠲᠣᠭᠲᠠᠮᠠᠯ

ᠬᠤᠭᠤᠴᠠᠭ᠎ᠠ ᠲᠠᠢ ᠪᠠᠷ ︽ᠬᠤᠶᠠᠷ ᠥᠮᠡᠨ ᠤ ᠰᠢᠭᠰᠢᠨ ᠪᠠᠶᠢᠴᠠᠭᠠᠯᠲᠠ︾ ᠬᠢᠯᠭᠡᠪᠡ᠃

       ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 300

ᠭᠠᠷᠤᠢ ᠬᠤᠪᠢ ᠲᠠᠷᠬᠠᠭᠠᠵᠤ᠂ ᠤᠬᠠᠭᠤᠯᠭ᠎ᠠ ᠶᠢᠨ ᠪᠢᠴᠢᠭᠡᠰᠦ ᠶᠢ 1 ᠡᠯᠭᠦᠵᠦ᠂ ᠤᠬᠠᠭᠤᠯᠭ᠎ᠠ ᠶᠢᠨ ᠰᠠᠮᠪᠠᠷ᠎ᠠ ᠶᠢ 5

ᠲᠠᠯᠪᠢᠵᠤ᠂ ᠨᠡᠶᠢᠲᠡ 100 ᠭᠠᠷᠤᠢ ᠬᠥᠮᠥᠨ ᠠᠰᠢᠭ ᠬᠦᠷᠲᠡᠵᠡᠢ᠃ᠲᠣᠰ ᠤᠳᠠᠭᠠᠨ ᠤ ᠠᠵᠢᠯᠯᠠᠭ᠎ᠠ ᠪᠠᠷ

ᠳᠠᠮᠵᠢᠭᠤᠯᠤᠨ᠂ ᠥᠷᠭᠡᠨ ᠣᠯᠠᠨ ᠲᠦᠮᠡᠨ ᠤ ︽ᠬᠤᠶᠠᠷ ᠥᠮᠡᠨ  ᠢ ᠰᠢᠭᠰᠢᠨ ᠪᠠᠶᠢᠴᠠᠭᠠᠬᠤ︾ ᠶᠢᠨ ᠴᠢᠬᠤᠯᠠ

ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ

ᠥᠮᠡᠨ  ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠡᠷᠡᠭᠦᠯ ᠮᠡᠨᠳᠦ ᠶᠢᠨ ᠮᠡᠳᠡᠯᠭᠡ ᠶᠢ ᠪᠦᠲᠦᠮᠵᠢᠲᠡᠶ

ᠲᠦᠭᠡᠮᠡᠯᠵᠢᠭᠦᠯᠵᠦ᠂ ᠲᠠᠷᠠᠭᠠᠴᠢ ᠶᠢᠨ ᠠᠯᠬᠤᠮ ᠳᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ

ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠡᠮᠡᠭᠲᠡᠶᠢᠴᠦᠳ ᠲᠤ ᠰᠦᠢᠳᠬᠡᠯ ᠬᠤᠷᠢᠶᠠᠬᠤ

ᠦᠭᠡᠢ ᠪᠠᠷ ︽ᠬᠤᠶᠠᠷ ᠥᠮᠡᠨ  ᠢ ᠰᠢᠭᠰᠢᠨ ᠪᠠᠶᠢᠴᠠᠭᠠᠬᠤ︾ ᠲᠥᠷᠥᠯ ᠵᠦᠢᠯ  ᠢ ᠰᠠᠶᠢᠲᠤᠷ ᠥᠷᠨᠢᠭᠦᠯᠬᠦ ᠳᠤ

ᠰᠠᠭᠤᠷᠢ ᠲᠠᠯᠪᠢᠵᠤ ᠥᠭᠴᠡᠢ᠃

 

 
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号