ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ  ᠪᠠᠲᠤᠯᠠᠪᠠ
ᠨᠡᠶᠢᠲᠡᠯᠡᠭᠰᠡᠨ ᠴᠠᠭ᠄
2022/9/21
       ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠰᠢᠭᠤᠶᠢᠲᠤ ᠲᠣᠭᠤᠷᠢᠭ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ ᠠᠴᠠ ︽ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠦᠯᠵᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠮᠡᠳᠡᠭᠡᠯᠡᠯ︾ ᠢ ᠪᠠᠭᠤᠯᠭᠠᠵᠤ᠂ ᠰᠢᠭᠤᠶᠢᠲᠤ  ᠲᠣᠭᠤᠷᠢᠭ ᠤᠨ ᠫᠤᠷᠲ᠋ᠧᠯ ᠰᠦᠯᠵᠢᠶ᠎ᠡ ᠳᠤ  2 ᠳᠤᠮᠳᠠ ᠵᠡᠷᠭᠡ ᠶᠢᠨ ᠡᠮᠵᠡᠭ ᠭᠠᠵᠠᠷ᠂ 11 ᠳᠣᠣᠷ᠎ᠠ ᠡᠮᠵᠡᠭ ᠭᠠᠵᠠᠷ᠂ ᠨᠡᠶᠢᠲᠡ 13 ᠡᠮᠵᠡᠭ ᠭᠠᠵᠠᠷ ᠪᠣᠶ᠃ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠢᠭᠰᠠᠭᠠᠨ ᠪᠠᠶᠢᠴᠠᠭᠠᠬᠤ ᠪᠠᠷ ᠳᠡᠮᠵᠢᠨ ᠨᠢᠭᠡᠨᠲᠡ ᠪᠦᠬᠦᠨ  ᠢ ᠴᠡᠭᠴᠡᠯᠡᠨ ᠵᠠᠰᠠᠵᠤ ᠳᠠᠭᠤᠰᠬᠠᠪᠠ᠃       ᠡᠨᠡ ᠤᠳᠠᠭ᠎ᠠ ᠶᠢᠨ ᠪᠦᠬᠦ ᠲᠠᠯ᠎ᠠ ᠶᠢᠨ ᠪᠠᠶᠢᠴᠠᠭᠠᠯᠲᠠ ᠶᠢᠨ ᠭᠤᠣᠯ ᠵᠣᠷᠢᠯᠭ᠎ᠠ ᠪᠣᠯ ᠠᠰᠠᠭᠤᠳᠠᠯ ᠤᠨ ᠳᠠᠯᠳᠠ ᠬᠡᠮ ᠰᠣᠭᠤᠭ ᠢ ᠢᠯᠡᠷᠡᠭᠦᠯᠬᠦ ᠪᠠ ᠲᠣᠣᠷ ᠰᠦᠯᠵᠢᠶ᠎ᠡ ᠪᠣᠯᠣᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠰᠡᠷᠭᠡᠶᠢᠯᠡᠬᠦ ᠶᠢᠨ ᠲᠥᠯᠥᠭᠡ ᠶᠤᠮ᠂ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢᠨ ᠠᠮᠤᠷ ᠲᠦᠪᠰᠢᠨ ᠤ ᠳᠤᠲᠠᠭᠳᠠᠯ ᠢ ᠠᠰᠢᠭᠯᠠᠨ ᠮᠠᠨ ᠤ ᠣᠷᠣᠨ ᠤ ᠴᠢᠬᠤᠯᠠ ᠰᠦᠯᠵᠢᠶᠡᠨ ᠦᠷᠳᠡᠭᠡ᠂ ᠴᠢᠬᠤᠯᠠ ᠮᠡᠳᠡᠭᠡ ᠵᠠᠩᠭᠢ ᠶᠢᠨ ᠰᠢᠰᠲ᠋ᠥᠮ ᠢ ᠳᠤᠷ᠎ᠠ ᠪᠠᠷ ᠢᠶᠠᠨ ᠡᠪᠳᠡᠬᠦ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠰᠦᠯᠵᠢᠶ᠎ᠡ ᠪᠣᠯᠣᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠦᠨᠳᠦ ᠶᠡᠭᠡ ᠲᠦᠭᠰᠢᠭᠦᠷᠢ ᠶᠢ ᠡᠷᠡᠰ ᠰᠡᠷᠭᠡᠶᠢᠯᠡᠵᠦ᠂ ᠡᠭᠦᠨ ᠢᠶᠠᠷ ᠴᠢᠬᠤᠯᠠ ᠰᠢᠰᠲ᠋ᠥᠮ ᠤᠨ ᠲᠠᠮᠪᠠᠷᠠᠬᠤ᠂ ᠴᠢᠬᠤᠯᠠ ᠰᠦᠯᠵᠢᠶᠡᠨ ᠦᠷᠳᠡᠭᠡ︵ᠨᠢᠭᠤᠷ︶︶ ᠶᠢ ᠥᠭᠡᠷᠡᠲᠦᠭᠦᠯᠬᠦ᠂ ᠴᠢᠬᠤᠯᠠ ᠰᠢᠰᠲ᠋ᠥᠮ ᠤᠨ ᠲᠤᠭ᠎ᠠ ᠪᠠᠷᠢᠮᠲᠠ ᠯᠡᠪᠡᠷᠡᠬᠦ ᠵᠡᠷᠭᠡ ᠬᠡᠷᠡᠭ ᠡᠭᠦᠰᠬᠦ ᠶᠢ ᠬᠤᠷᠢᠭᠯᠠᠬᠤ ᠬᠡᠷᠡᠭᠲᠡᠢ᠃        ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠪᠠᠷᠢᠮᠵᠢᠶ᠎ᠠ ᠶᠢ ᠨᠠᠷᠢᠨ ᠨᠢᠮᠪᠠᠢ ᠲᠣᠭᠲᠠᠭᠠᠵᠤ᠂ ᠬᠠᠮᠠᠭᠠᠯᠠᠬᠤ ᠡᠲᠡᠭᠡᠳ᠂ ᠬᠠᠮᠠᠭᠠᠯᠠᠬᠤ ᠲᠠᠰ ᠳᠠᠪᠬᠤᠷᠭ᠎ᠠ᠂ ᠬᠠᠮᠠᠭᠠᠯᠠᠬᠤ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠲᠣᠳᠣᠷᠬᠠᠶᠢᠯᠠᠵᠤ᠂ ᠮᠡᠷᠭᠡᠵᠢᠯ ᠢᠶᠠᠷ ᠮᠡᠷᠭᠡᠵᠢᠯ ᠢ ᠬᠠᠮᠢᠶᠠᠷᠬᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠲᠣᠭᠲᠠᠭᠠᠨ᠂ ᠰᠦᠯᠵᠢᠶᠡᠨ ᠤ ᠥᠷᠲᠡᠭᠡ ᠶᠢᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号