ᠰᠢᠭᠤᠶᠢᠲᠤ ᠲᠣᠭᠤᠷᠢᠭ ᠤᠨ  ᠰᠢᠭᠤᠶᠢᠲᠤ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 25 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠵᠢᠨ‌ᠨᠡᠶᠢᠲᠡᠯᠢᠭ ᠬᠡᠯᠡ ᠶᠢ ᠲᠦᠭᠡᠮᠡᠯᠵᠢᠭᠦᠯᠦᠨ ᠤᠬᠠᠭᠤᠯᠬᠤ ᠭᠠᠷᠠᠭ ᠤᠨ ᠭᠠᠷᠠᠭ ‍ᠤᠨ‌ᠠᠵᠢᠯᠯᠠᠭ᠎ᠠ ᠠᠬᠢᠭᠤᠯᠪᠠ
ᠨᠡᠶᠢᠲᠡᠯᠡᠭᠰᠡᠨ ᠴᠠᠭ᠄
2022/9/21
        ᠨᠡᠶᠢᠭᠡᠮ ᠤᠨ ᠦᠭᠡ ᠬᠡᠯᠡ ᠦᠰᠦᠭ ᠪᠢᠴᠢᠭ ᠤᠨ ᠳᠦᠷᠢᠮᠵᠢᠯ ᠤᠨ ᠤᠬᠠᠮᠰᠠᠷ ᠢ ᠪᠤᠢ ᠪᠣᠯᠭᠠᠵᠤ᠂ 25 ᠳ᠋ᠤᠭᠠᠷ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠰᠠᠶᠢᠲᠤᠷ ᠬᠢᠬᠦ ᠴᠢᠬᠤᠯᠠ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠰᠢᠭᠤᠶᠢᠲᠤ ᠲᠣᠭᠤᠷᠢᠭ ᠤᠨ ᠰᠢᠭᠤᠶᠢᠲᠤ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠨᠡᠶᠢᠲᠡᠯᠢᠭ ᠬᠡᠯᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃         ᠠᠵᠢᠯᠯᠠᠭ᠎ᠠ ᠶᠢᠨ ᠳᠤᠮᠳᠠ᠂ ᠡᠮᠨᠡᠯᠭᠡ ᠶᠢᠨ ᠠᠵᠢᠯᠲᠠᠳ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠰᠠᠭᠤᠭᠠᠯᠢ ᠠᠷᠠᠳ ᠨᠡᠶᠢᠲᠡᠯᠢᠭ ᠬᠡᠯᠡ ᠪᠠᠷ ᠶᠠᠷᠢᠬᠤ ᠪᠠᠷ ᠳᠠᠮᠵᠢᠭᠤᠯᠤᠨ᠂ ᠨᠡᠶᠢᠲᠡᠯᠢᠭ ᠬᠡᠯᠡ ᠪᠠᠷ ᠶᠠᠷᠢᠬᠤ᠂ ᠳᠦᠷᠢᠮᠵᠢᠭᠰᠡᠨ ᠦᠰᠦᠭ ᠢ ᠬᠡᠷᠡᠭᠯᠡᠬᠦ ᠳᠠᠳᠬᠠᠯ ᠢ ᠪᠥᠷᠢᠯᠳᠦᠭᠦᠯᠳᠡᠭ᠃ᠲᠣᠰ ᠤᠳᠠᠭᠠᠨ ᠤ ᠠᠵᠢᠯᠯᠠᠭ᠎ᠠ ᠳᠤ ᠨᠡᠶᠢᠲᠡ ᠵᠠᠷᠯᠠᠯ᠂ ᠤᠬᠠᠭᠤᠯᠭ᠎ᠠ ᠶᠢᠨ ᠥᠩᠭᠡᠲᠦ ᠬᠠᠭᠤᠳᠠᠰᠤ 7 ᠵᠦᠢᠯ ᠤᠨ ᠲᠣᠰ ᠲᠣᠰ 100 ᠬᠤᠪᠢ᠂ ᠨᠢᠭᠤᠷ ᠤᠬᠢᠶᠠᠬᠤ ᠰᠠᠪᠠ 50 ᠵᠢᠴᠢ ᠡᠷᠡᠭᠦᠯ ᠪᠦᠰᠡᠯᠡᠭᠦᠷ ᠤᠨ ᠬᠡᠮᠵᠢᠶ᠎ᠡ ᠶᠢ 100 ᠲᠠᠷᠬᠠᠭᠠᠵᠠᠢ᠃

C:\Users\Administrator\Desktop\1663316423857043662.jpg

         ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠡᠶᠢᠲᠡᠯᠢᠭ ᠬᠡᠯᠡ ᠶᠢ ᠨᠡᠶᠢᠭᠡᠮ

ᠲᠣᠭᠤᠷᠢᠭ ᠲᠤ ᠬᠦᠷᠭᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠳᠡᠷᠭᠡᠳᠡ ᠬᠦᠷᠭᠡᠵᠦ᠂ ᠨᠡᠶᠢᠲᠡᠯᠢᠭ

ᠬᠡᠯᠡ ᠶᠢ ᠨᠡᠶᠢᠭᠡᠮ ᠳᠤ ᠭᠦᠨᠵᠡᠭᠡᠶᠢᠷᠡᠭᠦᠯᠵᠦ᠂ ᠭᠡᠷ ᠪᠦᠯᠢ ᠳᠤ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ

ᠰᠠᠭᠤᠭᠠᠯᠢ ᠠᠷᠠᠳ ᠤᠨ ᠦᠭᠡ ᠬᠡᠯᠡ ᠦᠰᠦᠭ ᠪᠢᠴᠢᠭ ᠤᠨ ᠳᠦᠷᠢᠮᠵᠢᠯ ᠤᠨ ᠤᠬᠠᠮᠰᠠᠷ ᠢ ᠪᠤᠢ ᠪᠣᠯᠭᠠᠬᠤ ᠶᠢ

ᠠᠬᠢᠭᠤᠯᠵᠤ᠂ ᠮᠠᠨ ᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠡᠶᠢᠲᠡᠯᠢᠭ ᠬᠡᠯᠡ ᠶᠢ ᠬᠡᠷᠡᠭᠯᠡᠬᠦ ᠴᠢᠳᠠᠪᠤᠷᠢ ᠶᠢ

ᠳᠡᠭᠡᠭᠰᠢᠯᠡᠭᠦᠯᠬᠦ ᠬᠡᠷᠡᠭᠲᠡᠢ᠃

 

 
ᠢᠷᠡᠯᠲᠡ᠄ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号