ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ᠂ | ᠪᠤᠭᠤᠲᠤ ᠬᠤᠲᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠪᠣᠯᠣᠨ ᠱᠢ ᠭᠤᠸᠠᠢ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ | ᠣᠷᠣᠨ ᠤ ᠲᠣᠮᠣ ᠳ᠋ᠠᠶᠢᠲ᠋ᠠ ᠶᠢᠨ ᠲᠥᠪ ᠬᠢᠭᠡᠳ ᠥᠪᠥᠷ ᠮᠣᠩᠭᠤᠯ ᠤᠨ ᠪᠧᠢ ᠴᠧᠨ ᠣᠭᠲᠠᠷᠭᠤᠢ ᠶᠢᠨ ᠳ᠋ᠠᠶᠢᠲ᠋ᠠ ᠶᠢᠨ | ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠭᠦᠨᠵᠡᠭᠡᠢ ᠰᠣᠯᠢᠯᠴᠠᠭ᠎ᠠ᠂ ᠨᠡᠪᠲᠡᠷᠡᠯᠴᠡᠭᠡ᠂ | ᠶᠠᠷᠢᠯᠴᠠᠬᠤ ᠬᠤᠷᠠᠯ᠂ ᠰᠤᠳᠤᠯᠤᠨ ᠶᠠᠷᠢᠯᠴᠠᠬᠤ ᠪᠠᠷ ᠳᠡᠮᠵᠢᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠡᠴᠦᠰ ᠲᠡᠭᠡᠨ | ᠦᠨᠡᠨ ᠪᠣᠳᠠᠲᠠᠢ ᠠᠬᠢᠯᠲᠠ ᠲᠠᠢ ᠪᠣᠯᠪᠠ᠃ᠲᠦᠷᠦᠭᠦᠬᠡᠨ᠂ ᠥᠪᠥᠷ ᠮᠣᠩᠭᠤᠯ ᠤᠨ ᠪᠧᠢ ᠴᠧᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠪᠴᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠱᠢ ᠭᠤᠸᠠᠢ ᠺᠣᠮᠫᠠᠨᠢ ᠳᠤ ᠵᠢᠩᠬᠢᠨᠢ ᠪᠠᠷ ᠡᠷᠦᠬᠡ | ᠠᠮᠠ ᠣᠷᠣᠪᠠ᠂ ᠡᠨᠡ ᠪᠣᠯ ᠥᠪᠥᠷ ᠮᠣᠩᠭᠤᠯ ᠤᠨ ᠪᠤᠭᠤᠲᠤ ᠶᠢᠨ ᠥᠨᠳᠥᠷ ᠬᠤᠪᠢ ᠶᠢᠨ ᠳᠣᠬᠢᠭᠤᠷ ᠲᠤᠯᠤᠭᠠᠨ | ᠣᠲᠣ ᠬᠡᠷᠡᠭᠯᠡᠭᠡᠨ ᠤ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠪᠠᠶᠢᠭᠤᠯᠤᠭᠳᠠᠭᠰᠠᠨ ᠤ ᠳᠠᠷᠠᠭ᠎ᠠ | ᠰᠠᠭᠤᠷᠢᠰᠢᠭᠰᠠᠨ ᠠᠩᠬᠠᠳᠠᠭᠴᠢ ᠠᠵᠤ ᠠᠬᠤᠶᠢᠯᠠᠯ ᠪᠣᠯᠣᠨ᠎ᠠ᠃ | ᠲᠤᠰ ᠠᠵᠤ ᠠᠬᠤᠶᠢᠯᠠᠯ ᠣᠷᠣᠵᠤ ᠰᠠᠭᠤᠭᠰᠠᠨ ᠤ ᠳᠠᠷᠠᠭ᠎ᠠ᠂ ᠠᠳᠠᠯ ᠦᠢᠯᠡᠰ ᠴᠣᠭᠴᠠᠯᠠᠬᠤ ᠣᠷᠣᠨ ᠵᠠᠢ᠂ | ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠯᠠᠪᠯᠠᠭ᠎ᠠ᠂ ᠠᠮᠢ | ᠠᠬᠤᠢ ᠶᠢᠨ ᠡᠬᠢ ᠪᠠᠶᠠᠯᠢᠭ ᠢ ᠬᠢᠨᠠᠨ ᠬᠡᠮᠵᠢᠬᠦ ᠵᠡᠷᠭᠡ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠥᠷᠨᠢᠭᠦᠯᠵᠦ᠂ | ᠠᠵᠤ ᠦᠢᠯᠡᠰ ᠤᠨ ᠨᠡᠪᠴᠢᠭᠦᠯᠬᠦ ᠪᠠᠭᠠᠵᠢ ᠶᠢᠨ ᠵᠠᠭᠪᠤᠷ ᠢᠶᠠᠷ ᠳᠠᠮᠵᠢᠭᠤᠯᠤᠨ᠂ ᠲᠥᠷᠥᠯ ᠵᠦᠢᠯ ᠤᠨ ᠨᠡᠪᠴᠢᠭᠦᠯᠬᠦ | ᠠᠵᠤ ᠠᠬᠤᠶᠢᠯᠠᠯ ᠤᠨ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ | ᠲᠠᠰᠤᠷᠠᠯᠲᠠ ᠦᠭᠡᠢ ᠣᠷᠣᠭᠤᠯᠤᠨ ᠠᠪᠴᠢᠷᠠᠵᠤ᠂ ᠥᠨᠳᠥᠷ ᠬᠤᠪᠢ ᠶᠢᠨ ᠳᠣᠬᠢᠭᠤᠷ ᠲᠤᠯᠤᠭᠠᠨ ᠣᠲᠣ ᠬᠡᠷᠡᠭᠯᠡᠭᠡᠨ ᠤ | ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠤᠨ ᠠᠮᠢ ᠠᠬᠤᠢ ᠶᠢ ᠤᠯᠠᠮ ᠨᠢᠭᠡ ᠠᠯᠬᠤᠮ ᠪᠣᠶ ᠪᠣᠯᠭᠠᠵᠤ᠂ | ᠣᠶᠤᠨ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠠᠯᠬᠤᠮ | ᠠᠯᠬᠤᠮ ᠢᠶᠠᠷ ᠬᠠᠩᠭᠠᠨ᠎ᠠ᠃ᠲᠠᠷᠠᠭᠠᠴᠢ ᠶᠢᠨ ᠠᠯᠬᠤᠮ ᠳᠤ᠂ ᠣᠷᠣᠨ ᠤ ᠲᠣᠮᠣ ᠳ᠋ᠠᠶᠢᠲ᠋ᠠ ᠶᠢᠨ ᠲᠥᠪ ᠨᠢ ᠪᠧᠢ ᠴᠧᠨ | ᠣᠭᠲᠠᠷᠭᠤᠢ ᠶᠢᠨ ᠳ᠋ᠠᠶᠢᠲ᠋ᠠ ᠶᠢᠨ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠲᠠᠢ ᠪᠣᠳᠠᠲᠠᠢ | ᠬᠠᠮᠲᠤᠷᠠᠯᠴᠠᠭᠠᠨ ᠤ ᠠᠭᠤᠯᠭ᠎ᠠ ᠶᠢᠨ ᠲᠠᠯ᠎ᠠ ᠪᠠᠷ ᠭᠦᠨᠵᠡᠭᠡᠢ ᠨᠡᠪᠲᠡᠷᠡᠯᠴᠡᠵᠦ᠂ ᠦᠨᠡᠨ ᠪᠣᠳᠠᠲᠠᠢ ᠪᠠᠷ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠪᠤᠭᠤᠲᠤ ᠬᠤᠲᠠ ᠶᠢᠨ ᠥᠨᠳᠥᠷ ᠬᠤᠪᠢᠲᠤ ᠳᠣᠬᠢᠭᠤᠷ | ᠲᠤᠯᠤᠭᠠᠨ ᠣᠲᠣ ᠬᠡᠷᠡᠭᠯᠡᠭᠡᠨ ᠤ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠨᠢ ᠪᠤᠭᠤᠲᠤ ᠶᠢᠨ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠬᠥᠲᠥᠯᠥᠨ ᠳᠠᠭᠠᠭᠤᠯᠬᠤ ᠲᠤᠯᠭᠠᠭᠤᠷᠢᠯᠠᠬᠤ | ᠦᠢᠯᠡᠳᠦᠯ ᠲᠠᠢ ᠥᠨᠳᠥᠷ ᠬᠤᠪᠢᠲᠤ ᠳᠣᠬᠢᠭᠤᠷ ᠲᠤᠯᠤᠭᠠᠨ ᠣᠲᠣ ᠰᠢᠨ᠎ᠡ ᠶᠢ ᠡᠭᠦᠳᠬᠦ ᠬᠥᠲᠥᠴᠢ ᠠᠵᠤ | ᠠᠬᠤᠶᠢᠯᠠᠯ ᠢ ᠢᠳᠡᠪᠬᠢᠲᠡᠢ ᠪᠣᠶᠢᠵᠢᠭᠤᠯᠤᠨ ᠣᠷᠣᠭᠤᠯᠵᠤ ᠠᠪᠴᠢᠷᠠᠬᠤ ᠪᠠᠷ ᠳᠠᠮᠵᠢᠭᠤᠯᠤᠨ᠂ ᠲᠣᠮᠣ ᠳ᠋ᠠᠶᠢᠲ᠋ᠠ ᠶᠢᠨ | ᠠᠵᠤ ᠦᠢᠯᠡᠰ ᠤᠨ ᠬᠦᠷᠢᠶᠡᠯᠡᠩ ᠳᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠨᠠᠩ ᠰᠠᠶᠢᠨ ᠬᠠᠩᠭᠠᠵᠤ᠂ ᠱᠢ ᠭᠤᠤ ᠪᠠᠷ ᠲᠤᠷᠰᠢᠯᠲᠠ ᠶᠢᠨ ᠴᠢᠭ᠋ | ᠪᠣᠯᠭᠠᠵᠤ᠂ ᠪᠤᠭᠤᠲᠤ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠪᠤᠰᠤᠳ ᠭᠠᠵᠠᠷ ᠣᠷᠣᠨ ᠢ | ᠨᠥᠯᠥᠭᠡᠯᠡᠨ᠎ᠡ᠃ᠳᠠᠷᠠᠭᠠᠴᠢ ᠶᠢᠨ ᠠᠯᠬᠤᠮ ᠳᠤ᠂ ᠱᠢ ᠭᠤᠸᠠᠢ ᠲᠣᠭᠤᠷᠢᠭ ᠤᠨ ᠬᠢᠨ ︽ᠣᠶᠤᠨᠲᠤ ᠱᠢ ᠭᠤᠸᠠᠢ︾ ︽ | ᠣᠶᠤᠨᠲᠤ ᠪᠤᠭᠤᠲᠤ︾ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ᠬᠤᠲᠠ ᠶᠢᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠲᠠᠢ ᠲᠦᠷᠭᠡᠬᠡᠨ | ᠵᠣᠯᠭᠠᠭᠤᠯᠵᠤ᠂ ᠥᠨᠳᠥᠷ ᠬᠤᠪᠢ ᠶᠢᠨ ᠲᠤᠭ᠎ᠠ ᠪᠠᠷᠢᠮᠲᠠ ᠵᠢᠴᠢ ᠳᠣᠬᠢᠭᠤᠷ ᠳᠣᠯᠣᠭᠠᠨ ᠡᠪᠦᠭᠡᠨ ᠮᠡᠷᠭᠡᠵᠢᠯ ᠤᠨ | ᠬᠡᠷᠡᠭᠯᠡᠭᠡ ᠬᠢᠭᠡᠳ ᠬᠤᠲᠠ ᠶᠢᠨ ᠳᠡᠰ ᠳᠠᠪᠬᠤᠷᠭ᠎ᠠ ᠶᠢᠨ ᠨᠢᠭᠡᠳᠦᠯᠲᠡᠢ ᠲᠥᠯᠦᠪᠵᠢᠭᠦᠯᠭᠡ᠂ ᠣᠷᠣᠢ ᠶᠢᠨ | ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠪᠦᠲᠦᠮᠵᠢᠲᠡᠶ ᠠᠭᠤᠰᠤᠯᠴᠠᠯ ᠢ ᠠᠬᠢᠭᠤᠯᠵᠤ᠂ ᠵᠢᠯ ᠤᠨ ᠳᠣᠲᠣᠷ᠎ᠠ | ᠥᠨᠳᠥᠷ ᠬᠤᠪᠢ ᠶᠢᠨ ᠲᠥᠪ ᠢᠶᠠᠷ ᠬᠥᠲᠥᠯᠥᠮᠵᠢ ᠪᠣᠯᠭᠠᠵᠤ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ᠂ ᠲᠣᠮᠣ ᠬᠠᠮᠢᠶᠠᠷᠤᠯᠲᠠ ᠶᠢᠨ ᠲᠣᠪᠴᠢᠶ᠎ᠠ ᠵᠡᠷᠭᠡ ᠭᠤᠣᠯᠳᠠᠯᠭ᠎ᠠ ᠲᠠᠢ ᠰᠠᠯᠠᠭ᠎ᠠ ᠮᠥᠴᠢᠷ ᠤᠨ | ᠬᠡᠷᠡᠭᠯᠡᠯᠲᠡ ᠪᠠᠷ ᠦᠵᠡᠭᠳᠡᠯ ᠪᠣᠯᠭᠠᠵᠤ᠂ 3 ︱ 5 ᠵᠢᠱᠢᠶ᠎ᠡ ᠦᠵᠡᠭᠦᠯᠬᠦ ᠦᠢᠯᠡᠳᠦᠯ ᠲᠠᠢ ᠲᠥᠷᠥᠯ ᠵᠦᠢᠯ ᠢ | ᠪᠠᠭᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠣᠶᠤᠨᠴᠢᠯᠠᠭᠰᠠᠨ ᠲᠤᠷᠰᠢᠯᠲᠠ ᠶᠢᠨ ᠦᠷ᠎ᠡ ᠪᠦᠲᠦᠮᠵᠢ ᠶᠢ | ᠭᠠᠷᠭᠠᠵᠤ᠂ ᠭᠠᠵᠠᠷ ᠣᠷᠣᠨ ᠤ ᠤᠯᠤᠰ ᠤᠨ ᠲᠠᠰ ᠤᠨ ᠣᠶᠤᠨᠲᠤ ᠬᠤᠲᠠ ᠶᠢᠨ ᠰᠢᠨ᠎ᠡ ᠶᠢ ᠡᠭᠦᠳᠬᠦ | ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ᠂ ᠪᠥᠬᠦ ᠬᠤᠲᠠ ᠶᠢᠨ ᠲᠣᠭᠠᠴᠢᠯᠠᠭᠰᠠᠨ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠬᠦᠴᠦᠲᠡᠢ ᠬᠥᠳᠡᠯᠭᠡᠭᠴᠢ ᠡᠨᠧᠷᠭᠢ | ᠨᠡᠮᠡᠷᠢᠯᠡᠬᠦ ᠪᠠᠷ ᠴᠢᠷᠮᠠᠶᠢᠨ᠎ᠠ᠃ | | | |