ᠰᠢᠭᠤᠶᠢᠲᠤ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠲᠣᠭᠲᠠᠮᠠᠯ ᠬᠤᠷᠠᠯ ᠵᠢᠴᠢ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/5
        8 ᠰᠠᠷ᠎ᠠ ᠶᠢᠨ 31 ᠤ ᠡᠳᠦᠷ᠂ ᠰᠢᠭᠤᠶᠢᠲᠤ ᠲᠣᠭᠤᠷᠢᠭ ᠤᠨ ᠬᠢᠨ ᠪᠦᠬᠦ ᠣᠷᠣᠨ ᠤ 8 ᠰᠠᠷ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠭᠤᠣᠯᠳᠠᠯᠭ᠎ᠠ  ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠰᠢ ᠶᠢᠨ ᠫᠢᠩ  ᠤ ᠶᠡᠷᠦᠩᠬᠡᠢ ᠱᠦᠵᠢ  ᠶᠢᠨ ᠦᠶᠡᠷ  ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ  ᠤᠨ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠪᠣᠯᠣᠨ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ  ᠶᠢᠨ ᠶᠠᠮᠤᠨ  ᠤ ᠨᠠᠮ  ᠤᠨ ᠬᠤᠷᠢᠶᠠᠨ  ᠤ ᠱᠦᠵᠢ ᠸᠠᠩ ᠰᠢᠶᠠᠩ ᠰᠢ  ᠶᠢᠨ ᠶᠠᠮᠤᠨ  ᠤ ᠨᠠᠮ  ᠤᠨ ᠬᠤᠷᠢᠶᠠᠨ  ᠤ ᠶᠠᠷᠢᠶ᠎ᠠ  ᠶᠢᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠬᠡᠰᠡᠭ ᠲᠤᠰᠬᠠᠢ ᠮᠡᠷᠭᠡᠵᠢᠯ  ᠤᠨ ᠵᠥᠪᠯᠡᠯ᠂ ᠠᠶᠤᠯᠭᠦᠢ ᠦᠢᠯᠡᠳᠪᠦᠷᠢᠯᠡᠯ  ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ  ᠤᠨ ᠠᠵᠢᠯᠯᠠᠭ᠎ᠠ  ᠶᠢᠨ ᠣᠶᠢᠷ᠎ᠠ ᠶᠢᠨ ᠬᠤᠭᠤᠴᠠᠭᠠᠨ  ᠤ ᠠᠵᠢᠯ  ᠤᠨ ᠪᠠᠶᠢᠳᠠᠯ  ᠤᠨ ᠬᠠᠷᠢᠭᠤ ᠮᠡᠳᠡᠭᠦᠯᠦᠯᠲᠡ  ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ  ᠤ ᠠᠶᠤᠯᠭᠦᠢ ᠦᠢᠯᠡᠳᠪᠦᠷᠢᠯᠡᠯ  ᠤᠨ ᠪᠠᠶᠢᠳᠠᠯ  ᠢ ᠮᠡᠳᠡᠭᠳᠡᠵᠦ᠂ ᠲᠠᠷᠠᠭ᠎ᠠ ᠠᠯᠬᠤᠮ  ᠤᠨ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ᠃        ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠤᠤ ᠮᠠᠨ ᠢ ᠬᠤᠷᠠᠯ ᠢ ᠡᠷᠬᠢᠯᠡᠪᠡ᠃        ᠬᠤᠷᠠᠯ ᠠᠴᠠ᠂ ᠵᠥᠪ ᠴᠢᠭᠯᠡᠯ ᠢ ᠡᠷᠡᠰ ᠡᠵᠡᠮᠳᠡᠵᠦ᠂ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢᠨ ᠲᠣᠭᠤᠷᠢᠨ ᠳᠤ ᠬᠠᠷᠢᠭᠤᠴᠠᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠠᠰᠠᠬᠤ ᠶᠢ ᠦᠨᠡᠨᠬᠦ ᠰᠠᠶᠢᠲᠤᠷ ᠠᠳᠬᠤᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ ᠦᠨᠳᠦᠰᠦᠨ ᠱᠠᠲᠤᠨ ᠤ ᠰᠦᠯᠵᠢᠶᠡᠨ ᠤ ᠠᠵᠢᠯᠲᠠᠨ ᠤ ᠬᠠᠷᠢᠭᠤᠴᠠᠯᠭ᠎ᠠ ᠶᠢ ᠪᠠᠲᠤᠳᠬᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠠᠨ ᠦᠨᠡᠨᠬᠦ ᠴᠢᠩᠭᠠᠳᠬᠠᠵᠤ᠂ ᠮᠠᠨ ᠤ ᠣᠷᠣᠨ ᠤ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ᠦᠶᠡᠷ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠯᠳᠤᠭᠠᠨ ᠤ ᠡᠮᠦᠨᠡᠬᠢ ᠪᠠᠶᠢᠳᠠᠯ ᠢ ᠴᠠᠭ ᠢᠮᠠᠭᠲᠠ ᠪᠠᠲᠤᠯᠠᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠦᠶᠡᠷ ᠢ ᠰᠡᠷᠭᠡᠶᠢᠯᠡᠬᠦ᠂ ᠭᠠᠮᠰᠢᠭ ᠢ ᠰᠡᠷᠭᠡᠶᠢᠯᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠦᠷᠭᠦᠯᠵᠢᠯᠡᠨ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ᠃ᠶᠡᠷᠦᠩᠬᠡᠶᠢᠯᠡᠨ ᠵᠣᠬᠢᠴᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠣᠬᠢᠷᠠᠭᠤᠯᠤᠯᠲᠠ ᠬᠢᠵᠦ ᠵᠠᠷᠯᠠᠨ ᠮᠡᠳᠡᠭᠳᠡᠬᠦ ᠶᠢ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠳᠠᠯᠠᠵᠤ᠂︽ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ︾ ᠶᠢ ᠦᠨᠡᠨᠬᠦ ᠪᠡᠶᠡᠯᠡᠭᠦᠯᠵᠦ᠂ ᠤᠷᠢᠳᠴᠢᠯᠠᠨ ᠰᠡᠷᠭᠡᠶᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃
C:\Users\Administrator\Desktop\640 (1).jpg
        ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢᠨ ᠲᠤᠰᠬᠠᠢ ᠰᠡᠳᠦᠪᠲᠦ ᠹᠢᠯᠢᠮ ᠪᠠ︽ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ ᠤᠬᠠᠭᠤᠯᠭ᠎ᠠ ᠶᠢᠨ ᠸᠢᠳᠢᠤ᠋ ᠶᠢ ᠬᠠᠮᠲᠤᠪᠠᠷ ᠰᠣᠨᠢᠷᠬᠠᠪᠠ᠃ 
 
ᠢᠷᠡᠯᠲᠡ᠄ ᠪᠠᠭ᠋ᠠᠷᠠᠯᠲᠤ ᠰᠢᠭᠤᠶᠢᠲᠤ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号