ᠡᠮᠴᠢᠯᠡᠭᠡ ᠬᠦᠷᠭᠡᠵᠦ ᠡᠮ ᠬᠦᠷᠭᠡᠵᠦ ᠡᠷᠡᠭᠦᠯ ᠮᠡᠨᠳᠦ ᠬᠦᠷᠭᠡᠵᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/10/27
        10 ᠰᠠᠷ᠎ᠠ ᠶᠢᠨ 24᠎ ᠤ ᠦᠳᠡ ᠶᠢᠨ ᠡᠮᠦᠨ᠎ᠡ᠂ ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠢ ᠼᠠᠢ ᠭᠧᠦ ᠲᠣᠰᠬᠤᠨ ᠳᠤ ᠭᠦᠨᠵᠡᠭᠡᠶᠢᠷᠡᠨ ︽ᠡᠮ ᠡᠮᠨᠡᠯᠭᠡ ᠶᠢᠨ ᠰᠦᠢᠳᠬᠡᠯ ᠢ ᠬᠦᠷᠭᠡᠵᠦ ᠡᠷᠡᠭᠦᠯ ᠮᠡᠨᠳᠦ ᠶᠢ ᠬᠠᠯᠠᠮᠵᠢᠯᠠᠬᠤ︾ ᠠᠵᠢᠯᠯᠠᠭ᠎ᠠ ᠥᠷᠨᠢᠭᠦᠯᠪᠡ᠃ 
1698372744225054504.jpg
        ᠪᠠᠢ ᠼᠠᠢ ᠭᠧᠦ ᠲᠣᠰᠬᠤᠨ ᠳᠤ ᠬᠤᠷᠢ ᠭᠠᠷᠤᠢ ᠡᠷᠦᠭᠡ ᠲᠣᠰᠬᠤᠨ ᠤ ᠠᠷᠠᠳ ᠲᠠᠢ᠂ ᠪᠤᠶᠢᠳᠠ ᠪᠥᠭᠯᠡᠭᠦᠦ ᠭᠠᠵᠠᠷ ᠨᠡᠯᠢᠶᠡᠳ ᠣᠯᠠᠨ᠂ ᠡᠮᠨᠡᠯᠭᠡ ᠶᠢᠨ ᠠᠵᠢᠯᠲᠠᠳ ᠠᠪᠴᠤ ᠶᠠᠪᠤᠭ᠎ᠠ ᠡᠮᠴᠢᠯᠡᠭᠡᠨ ᠤ ᠲᠥᠬᠦᠭᠡᠷᠦᠮᠵᠢ ᠪᠣᠯᠣᠨ ᠡᠮ ᠤᠨ ᠵᠦᠢᠯᠡᠰ ᠢᠶᠠᠨ ᠠᠪᠴᠤ᠂ ᠲᠣᠰᠬᠤᠨ ᠤ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠤᠨ ᠬᠡᠮᠵᠢᠯᠲᠡ ᠶᠢᠨ ᠦᠢᠯᠡᠴᠢᠯᠡᠭᠡ ᠬᠠᠩᠭᠠᠵᠤ᠂ ᠡᠪᠡᠳᠴᠢᠨ ᠤ ᠲᠤᠬᠠᠢ ᠠᠰᠠᠭᠤᠯᠲᠠ ᠶᠢ ᠬᠦᠯᠢᠴᠡᠩᠭᠦᠢ ᠬᠠᠷᠢᠭᠤᠯᠤᠨ᠎ᠠ᠃ ᠲᠤᠰ ᠤᠳᠠᠭᠠᠨ ᠤ ᠠᠵᠢᠯᠯᠠᠭ᠎ᠠ ᠳᠤ 25 ᠬᠥᠮᠥᠨ ᠤᠳᠠᠭ᠎ᠠ ᠠᠯᠪᠠᠨ ᠵᠢᠷᠤᠮ ᠤᠨ ᠡᠮᠴᠢᠯᠡᠭᠡ ᠬᠢᠵᠦ᠂ ᠤᠬᠠᠭᠤᠯᠭ᠎ᠠ ᠶᠢᠨ ᠮᠠᠲ᠋ᠧᠷᠢᠶᠠᠯ ᠪᠣᠯᠣᠨ ᠪᠷᠦ᠋ᠼᠧᠯ ᠡᠪᠡᠳᠴᠢᠨ ᠤ ᠭᠠᠷ ᠳᠦᠷᠦᠯᠲᠡ ᠶᠢ 25 ᠬᠤᠪᠢ ᠥᠭᠴᠦ᠂ ᠲᠣᠰᠬᠤᠨ ᠤ ᠠᠷᠠᠳ ᠢ ᠭᠡᠷ ᠠᠴᠠ ᠪᠠᠨ ᠭᠠᠷᠬᠤ ᠦᠭᠡᠢ ᠪᠠᠷ ᠰᠢᠯᠢᠳᠡᠭ ᠡᠮᠴᠢᠯᠡᠭᠡ ᠪᠣᠯᠣᠨ ᠦᠢᠯᠡᠴᠢᠯᠡᠭᠡ ᠭᠦᠷᠲᠡᠭᠡᠯᠭᠡᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号