【ᠵᠢᠪᠬᠤᠯᠠᠩᠲᠤ ᠰᠤᠮᠤᠨ ᠤ ᠵᠡᠮᠳᠡᠭᠴᠦᠳ ᠤᠨ ᠬᠤᠯᠪᠤᠭ᠎ᠠ】ᠰᠤᠮᠤᠨ ᠤ ᠵᠡᠮᠳᠡᠭᠴᠦᠳ ᠤᠨ ᠬᠤᠯᠪᠣᠭ᠎ᠠ ᠨᠢ ᠵᠡᠮᠳᠡᠭ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠣᠯᠭᠤᠮᠵᠢ ᠶᠢᠨ ᠬᠢᠷᠢ ᠬᠡᠮ ᠤᠨ ᠭᠡᠷᠡᠴᠢᠯᠡᠯ ᠬᠢᠵᠦ ᠥᠭᠭᠦᠨ᠎ᠡ
ᠨᠡᠶᠢᠲᠡᠯᠡᠭᠰᠡᠨ ᠴᠠᠭ᠄
2023/10/31
        ᠨᠠᠰᠤᠲᠠᠳ ᠢ ᠠᠰᠠᠷᠠᠨ ᠬᠠᠷᠠᠭᠠᠯᠵᠠᠵᠤ ᠵᠡᠮᠳᠡᠭᠴᠦᠳ ᠢ ᠲᠤᠰᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠂ ᠵᠢᠪᠬᠤᠯᠠᠩᠲᠤ ᠰᠤᠮᠤᠨ ᠤ ᠵᠡᠮᠳᠡᠭᠴᠦᠳ ᠤᠨ ᠬᠤᠯᠪᠤᠭ᠎ᠠ ᠪᠣᠯᠣᠨ ᠡᠯ᠎ᠡ ᠭᠠᠴᠠᠭᠠᠨ ᠤ ᠵᠡᠮᠳᠡᠭᠴᠦᠳ ᠤᠨ ᠬᠤᠯᠪᠤᠭ᠎ᠠ ᠦᠨᠡᠨᠴᠢ ᠰᠡᠳᠬᠢᠯᠭᠡ ᠪᠠᠷ ᠬᠠᠷᠢᠶ᠎ᠠ ᠲᠣᠭᠤᠷᠢᠭ ᠤᠨ ᠵᠡᠮᠳᠡᠭ ᠨᠠᠰᠤᠲᠠᠳ ᠲᠤ ᠰᠢᠯᠢᠳᠡᠭ᠂ ᠳᠥᠭᠦᠮ᠂ ᠳᠣᠲᠣᠨᠣᠰᠤᠭ ᠦᠢᠯᠡᠴᠢᠯᠡᠭᠡ ᠬᠠᠩᠭᠠᠵᠤ᠂ ᠲᠡᠳᠡᠨ ᠳᠤ ︽ᠨᠠᠰᠤᠲᠠᠶᠢᠴᠤᠳ ᠢᠶᠠᠨ ᠠᠰᠠᠷᠠᠮᠵᠢ ᠲᠠᠢ᠂ ᠨᠠᠰᠤᠲᠠᠨ ᠢ ᠲᠦᠰᠢᠭᠯᠡᠯᠲᠡᠢ ᠪᠠᠶᠢᠬᠤ︾᠎ ᠪᠠᠷ ᠴᠢᠷᠮᠠᠶᠢᠨ ᠪᠡᠶᠡᠯᠡᠭᠦᠯᠵᠦ᠂ ᠲᠡᠳᠡᠨ ᠳᠤ ᠦᠨᠡᠨ ᠭᠦ᠋ ᠬᠠᠯᠠᠭᠤᠨ ᠳᠤᠯᠠᠭᠠᠨ ᠦᠢᠯᠡᠴᠢᠯᠡᠭᠡ ᠬᠦᠷᠲᠡᠭᠡᠵᠦ᠂ ᠵᠣᠯ ᠵᠢᠷᠭᠠᠯᠲᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠢ᠃ 
1698370260876345100.png
        ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠨᠢ ᠬᠠᠷᠢᠶ᠎ᠠ ᠣᠷᠣᠨ ᠤ ᠣᠷᠣᠯᠭ᠎ᠠ ᠦᠭᠡᠢ ᠨᠠᠰᠤᠲᠠᠶᠢᠴᠤᠳ ᠲᠤ ᠠᠮᠢᠳᠤᠷᠠᠯ ᠤᠨ ᠨᠥᠬᠦᠪᠦᠷᠢ ᠣᠯᠭᠤᠭᠰᠠᠨ ᠪᠠᠶᠢᠳᠠᠭ᠂ ᠡᠨᠡ ᠪᠣᠯ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠮᠥᠨ᠂ ᠵᠢᠯ ᠪᠦᠷᠢ ᠲᠣᠭᠲᠠᠭᠰᠠᠨ ᠬᠤᠭᠤᠴᠠᠭᠠᠨ ᠳᠣᠲᠣᠷ᠎ᠠ ᠺᠤᠮᠫᠢᠦ᠋ᠲ᠋ᠧᠷ ᠪᠤᠶᠤ ᠭᠠᠷ ᠤᠲᠠᠰᠤᠨ ᠤ APP ᠭᠡᠷᠡᠴᠢᠯᠡᠭᠡ ᠶᠢᠨ ᠵᠥᠭᠡᠯᠡᠨ ᠲᠣᠨᠤᠭ ᠢᠶᠠᠷ ᠣᠷᠣᠰᠢᠨ ᠲᠣᠭᠲᠠᠨᠢᠬᠤ ᠶᠢ ᠭᠡᠷᠡᠴᠢᠯᠡᠬᠦ ᠵᠥᠪᠰᠢᠶᠡᠷᠡᠯ ᠣᠯᠬᠤ ᠪᠠᠷ ᠱᠠᠭᠠᠷᠳᠠᠵᠤ ᠪᠠᠶᠢᠳᠠᠭ᠃ ᠵᠡᠭᠦᠨᠳᠣ ᠰᠤᠮᠤᠨ ᠤ ᠵᠡᠮᠳᠡᠭᠴᠦᠳ ᠤᠨ ᠬᠤᠯᠪᠤᠭ᠎ᠠ ᠶᠢᠨ ᠲᠤᠰᠬᠠᠢ ᠵᠥᠪᠯᠡᠯ ᠪᠠ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠤᠨ ᠪᠥᠭᠡᠳ ᠵᠥᠪᠯᠡᠯ ᠠᠴᠠ ᠬᠠᠷᠢᠶᠠᠲᠤ ᠣᠷᠣᠨ ᠤ ᠵᠡᠮᠳᠡᠭ ᠨᠠᠰᠤᠲᠠᠳ ᠢ ᠭᠡᠷ ᠲᠤᠨᠢ ᠣᠴᠢᠵᠤ ᠨᠤᠲᠠᠯᠠᠨ ᠵᠥᠪᠰᠢᠶᠡᠷᠡᠵᠦ᠂ ᠲᠤᠬᠠᠢ ᠶᠢᠨ ᠲᠠᠯᠠᠪᠠᠢ ᠳᠤ ᠮᠡᠳᠡᠭᠡ ᠵᠠᠩᠭᠢ ᠴᠤᠭᠯᠠᠭᠤᠯᠤᠨ ᠬᠠᠷᠭᠤᠭᠤᠯᠤᠨ᠂ ᠭᠡᠷᠡᠴᠢᠯᠡᠭᠰᠡᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠲᠣᠭᠲᠠᠭᠰᠠᠨ ᠬᠤᠭᠤᠴᠠᠭᠠᠨ ᠳᠤ ᠭᠡᠷᠡᠴᠢᠯᠡᠭᠡ ᠪᠠᠨ ᠪᠡᠶᠡᠯᠡᠭᠦᠯᠬᠦ ᠶᠢ ᠪᠠᠲᠤᠯᠠᠵᠤ᠂ ᠣᠯᠪᠠᠰᠤ ᠵᠣᠬᠢᠬᠤ ᠬᠠᠷᠠᠭᠠᠯᠵᠠᠯ ᠬᠦᠷᠲᠡᠭᠡᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号