【ᠵᠢᠪᠬᠤᠯᠠᠩᠲᠤ ᠰᠤᠮᠤᠨ ᠤ ᠵᠡᠮᠳᠡᠭᠴᠦᠳ ᠤᠨ ᠬᠤᠯᠪᠤᠭ᠎ᠠ】ᠡᠷᠦᠬᠡ ᠳᠤ ᠣᠷᠣᠵᠤ ᠰᠤᠷᠪᠤᠯᠵᠢᠯᠠᠬᠤ ᠨᠢ ᠬᠥᠮᠥᠨ ᠤ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/10/31
        ᠣᠶᠢᠷ᠎ᠠ ᠳᠤ᠂ ᠰᠢᠭᠤᠶᠢᠲᠤ ᠲᠣᠭᠤᠷᠢᠭ ᠤᠨ ᠮᠥᠴᠢ ᠵᠡᠮᠳᠡᠭᠴᠦᠳ ᠤᠨ ᠨᠡᠶᠢᠭᠡᠮᠯᠢᠭ᠂ ᠵᠢᠪᠬᠤᠯᠠᠩᠲᠤ ᠰᠤᠮᠤᠨ ᠤ ᠵᠡᠮᠳᠡᠭᠴᠦᠳ ᠤᠨ ᠬᠤᠯᠪᠤᠭ᠎ᠠ ᠲᠠᠢ ᠵᠡᠮᠳᠡᠭ ᠬᠥᠮᠥᠨ ᠤ ᠭᠡᠷ ᠪᠦᠯᠢ ᠶᠢᠨ ᠬᠢᠨ ᠢ ᠰᠤᠷᠪᠤᠯᠵᠢᠯᠠᠬᠤ ᠪᠠᠷ ᠬᠦᠷᠴᠦ᠂ 2 ᠡᠷᠦᠭᠡ ᠮᠥᠴᠢ ᠵᠡᠮᠳᠡᠭ ᠬᠥᠮᠥᠨ ᠤ ᠭᠡᠷ ᠪᠦᠯᠢ ᠶᠢᠨ ᠬᠢᠨ ᠢ ᠨᠢ ᠰᠤᠷᠪᠤᠯᠵᠢᠯᠠᠬᠤ ᠶᠢᠨ ᠬᠠᠮᠲᠤ ᠲᠡᠳᠡᠨ ᠳᠤ ᠬᠤᠪᠴᠠᠰᠤ ᠤᠬᠢᠶᠠᠬᠤ ᠰᠢᠩᠭᠡᠨ᠂ ᠭᠠᠷ ᠤᠬᠢᠶᠠᠬᠤ ᠰᠢᠩᠭᠡᠨ ᠵᠡᠷᠭᠡ ᠲᠣᠬᠤᠨᠢᠭᠤᠯᠬᠤ ᠪᠣᠳᠠᠰ ᠠᠪᠴᠤ ᠶᠠᠪᠤᠬᠤ ᠬᠡᠷᠡᠭᠲᠡᠢ᠃ 
1698370517423037953.png
        ᠰᠤᠷᠪᠤᠯᠵᠢᠯᠠᠬᠤ ᠳᠤᠮᠳᠠ᠂ ᠵᠡᠮᠳᠡᠭᠴᠦᠳ ᠤᠨ ᠬᠤᠯᠪᠤᠭ᠎ᠠ ᠶᠢᠨ ᠺᠠᠲᠷ ᠬᠢᠭᠡᠳ ᠵᠡᠮᠳᠡᠭᠴᠦᠳ ᠵᠢᠴᠢ ᠭᠡᠷ ᠪᠦᠯᠢ ᠶᠢᠨ ᠬᠢᠨᠢ ᠲᠤᠬᠠᠢ ᠭᠦᠨᠵᠡᠭᠡᠢ ᠶᠠᠷᠢᠯᠴᠠᠵᠤ᠂ ᠲᠡᠳᠡᠨ ᠤ ᠡᠳᠦᠷ ᠳᠣᠳᠣᠮ ᠤᠨ ᠠᠮᠢᠳᠤᠷᠠᠯ᠂ ᠡᠷᠡᠭᠦᠯᠵᠢᠯ ᠤᠨ ᠬᠡᠷᠡᠭᠴᠡᠭᠡ᠂ ᠦᠨᠳᠦᠰᠦᠨ ᠡᠮᠴᠢᠯᠡᠭᠡ ᠵᠢᠴᠢ ᠭᠡᠷ ᠪᠦᠯᠢ ᠶᠢᠨ ᠪᠦᠷᠢᠯᠳᠦᠭᠦᠨ ᠤ ᠠᠵᠢᠯ ᠣᠯᠭᠤᠯᠲᠠ ᠪᠠ ᠠᠵᠤ ᠠᠬᠤᠢ ᠶᠢᠨ ᠪᠠᠶᠢᠳᠠᠯ ᠢ ᠣᠶᠢᠯᠠᠭᠠᠵᠤ᠂ ᠲᠡᠳᠡᠨ ᠳᠤ ᠪᠡᠶ᠎ᠡ ᠪᠠᠨ ᠬᠢᠴᠢᠶᠡᠵᠦ᠂ ᠲᠡᠳᠡᠨ ᠤ ᠢᠳᠡᠪᠬᠢᠲᠡᠢ ᠪᠠᠶᠠᠰᠤᠩᠭᠤᠢ ᠠᠮᠢᠳᠤᠷᠠᠯ ᠤᠨ ᠣᠪᠣᠷ ᠲᠠᠢ ᠪᠠᠶᠢᠬᠤ ᠶᠢ ᠰᠠᠨᠠᠭᠤᠯᠵᠤ ᠵᠣᠷᠢᠭᠵᠢᠭᠤᠯᠬᠤ ᠬᠡᠷᠡᠭᠲᠡᠢ᠃ ᠡᠭᠦᠨ ᠤ ᠬᠠᠮᠲᠤ ᠲᠡᠳᠡᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠣᠨ ᠲᠤᠯᠭᠠᠮ᠎ᠠ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠲᠥᠷᠥ ᠶᠢᠨ ᠪᠣᠳᠣᠯᠭ᠎ᠠ ᠶᠢ ᠦᠨᠳᠦᠰᠦᠯᠡᠨ ᠬᠠᠨᠳᠤᠯᠭᠠᠲᠤ ᠴᠢᠨᠠᠷᠲᠠᠢ ᠠᠷᠭᠠᠴᠠᠬᠤ ᠠᠷᠭ᠎ᠠ ᠬᠡᠮᠵᠢᠶ᠎ᠡ ᠪᠣᠯᠣᠨ ᠰᠠᠨᠠᠭᠤᠯᠭ᠎ᠠ ᠳᠤᠷᠠᠳᠬᠤ ᠬᠡᠷᠡᠭᠲᠡᠢ᠃ 
1698370604780011683.png        ᠳᠠᠷᠠᠭ᠎ᠠ ᠠᠯᠬᠤᠮ ᠳᠤ᠂ ᠵᠢᠪᠬᠤᠯᠠᠩᠲᠤ ᠰᠤᠮᠤ ᠶᠢᠨ ᠵᠡᠮᠳᠡᠭᠴᠦᠳ ᠤᠨ ᠬᠤᠯᠪᠤᠭ᠎ᠠ ᠵᠡᠮᠳᠡᠭᠴᠦᠳ ᠢ
ᠳᠠᠮᠵᠢᠨ ᠬᠠᠷᠠᠭᠠᠯᠵᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠠᠶᠢᠲᠤᠷ ᠨᠠᠶᠢᠳᠠᠪᠤᠷᠢᠵᠢᠭᠤᠯᠵᠤ᠂ ᠵᠡᠮᠳᠡᠭᠴᠦᠳ ᠲᠤ ᠨᠡᠩ ᠣᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠵᠦ᠂ ᠵᠡᠮᠳᠡᠭᠴᠦᠳ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠤᠮ ᠢ ᠲᠡᠭᠦᠯᠳᠡᠷᠵᠢᠭᠦᠯᠵᠦ᠂ ᠴᠠᠭ ᠢᠮᠠᠭᠲᠠ ᠵᠡᠮᠳᠡᠭᠴᠦᠳ ᠤᠨ ᠬᠦᠴᠢᠷᠳᠡᠯ ᠢ ᠰᠡᠳᠬᠢᠯ ᠳᠡᠭᠡᠨ ᠪᠤᠳᠣᠵᠤ᠂ ᠠᠵᠢᠯ ᠢ ᠵᠡᠮᠳᠡᠭᠴᠦᠳ ᠤᠨ ᠰᠡᠳᠬᠢᠯ ᠳᠤ ᠦᠨᠡᠨᠬᠦ ᠬᠢᠵᠦ ᠥᠭᠬᠦ ᠪᠣᠯᠣᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号