ᠬᠤᠲᠠ ᠶᠢᠨ ᠵᠡᠮᠳᠡᠭᠴᠦᠳ ᠤᠨ ᠬᠤᠯᠪᠣᠭ᠎ᠠ ᠪᠡᠳᠬᠡᠷ ᠵᠣᠣ ᠪᠠᠯᠭᠠᠰᠤᠨ ᠤ ᠬᠦᠴᠢᠷᠳᠡᠯᠲᠡᠢ ᠵᠡᠮᠳᠡᠭᠴᠦᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/10/31
        10 ᠳ᠋ᠤᠭᠠᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ ᠳ᠋ᠦᠩ ᠫᠢᠩ ᠵᠡᠷᠭᠡ 8 ᠬᠥᠮᠥᠨ ᠥᠨᠳᠥᠷ ᠵᠣᠣ ᠪᠠᠯᠭᠠᠰᠤᠨ ᠳᠤ ᠬᠦᠷᠴᠦ ︽ᠨᠢᠭᠡ ᠡᠷᠦᠬᠡ ᠣᠯᠠᠨ ᠵᠡᠮᠳᠡᠭ︾ ᠬᠦᠴᠢᠷᠳᠡᠯᠲᠡᠢ ᠵᠡᠮᠳᠡᠭᠴᠦᠳ ᠢ ᠪᠣᠯᠭᠤᠭᠠᠨ ᠲᠣᠬᠤᠨᠢᠭᠤᠯᠪᠠ᠃ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠾᠧ ᠹᠧᠩ᠂ ᠳᠡᠳ᠋ ᠪᠠᠯᠭᠠᠰᠤᠨ ᠤ ᠳᠠᠷᠤᠭ᠎ᠠ ᠵᠢᠶᠠ ᠱᠤ᠋ ᠷᠦᠩ ᠵᠡᠷᠭᠡ ᠤᠳᠤᠷᠢᠳᠤᠯᠭ᠎ᠠ ᠪᠠᠷ᠎ᠠ ᠪᠣᠯᠵᠤ ᠲᠣᠬᠤᠨᠢᠭᠤᠯᠪᠠ᠃        ᠰᠢᠦᠢ ᠶᠦᠩ ᠵᠢᠶᠠᠨ ᠪᠣᠯ ᠳᠥᠷᠪᠡᠳᠦᠭᠡᠷ ᠳᠡᠰ ᠤᠨ ᠵᠡᠮᠳᠡᠭ ᠬᠥᠮᠥᠨ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠡᠳ᠋ᠯᠡᠵᠦ᠂ ᠬᠦᠦ ᠰᠢᠦᠢ ᠯᠠᠢ ᠰᠢ ᠪᠣᠯ ᠬᠤᠶᠠᠳᠤᠭᠠᠷ ᠳᠡᠰ ᠤᠨ ᠵᠡᠮᠳᠡᠭ ᠬᠥᠮᠥᠨ᠂ ᠡᠬᠡᠨᠡᠷ ᠰᠢᠦᠢ ᠶᠢᠩ ᠥᠬᠢᠨ ᠤᠳᠠᠭᠠᠨ ᠵᠢᠯ ᠪᠡᠶ᠎ᠡ ᠪᠠᠭᠤᠷᠠᠢ ᠪᠠᠶᠢᠵᠤ᠂ ᠠᠮᠢᠳᠤᠷᠠᠯ ᠵᠣᠬᠢᠬᠤ ᠬᠦᠴᠢᠷᠳᠡᠯ ᠲᠠᠢ ᠪᠠᠶᠢᠨ᠎ᠠ᠃ ᠵᠠᠩ ᠳ᠋ᠦᠩ ᠫᠢᠩ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠲᠤᠰᠬᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠢ ᠪᠡᠶ᠎ᠡ ᠪᠠᠨ ᠰᠠᠶᠢᠲᠤᠷ ᠭᠠᠮᠨᠠᠵᠤ᠂ ᠲᠡᠳᠡᠨ ᠤ ᠢᠲᠡᠭᠡᠯ ᠵᠣᠷᠢᠭ ᠢᠶᠠᠨ ᠬᠥᠪᠴᠢᠯᠡᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠳᠣᠣᠷ᠎ᠠ᠂ ᠠᠮᠢᠳᠤᠷᠠᠯ ᠯᠠᠪᠲᠠᠢ ᠤᠯᠠᠮ ᠠᠴᠠ ᠤᠯᠠᠮ ᠰᠠᠶᠢᠵᠢᠷᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠪᠠᠰᠠ ᠨᠠᠰᠤᠲᠠᠶᠢᠴᠤᠳ ᠲᠤ ᠠᠮᠤ ᠪᠤᠳᠠᠭ᠎ᠠ᠂ ᠭᠤᠯᠢᠷ᠂ ᠠᠮᠤ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠵᠡᠮᠳᠡᠭ ᠬᠥᠮᠥᠨ ᠰᠢᠦᠢ ᠶᠦᠩ ᠵᠢᠶᠠᠨ ᠪᠠᠰᠠ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠲᠣᠭᠤᠷᠢᠭ ᠬᠤᠶᠠᠷ ᠱᠠᠲᠤᠨ ᠤ ᠵᠡᠮᠳᠡᠭᠴᠦᠳ ᠤᠨ ᠬᠤᠯᠪᠣᠭ᠎ᠠ ᠳᠤ ᠴᠢᠩ ᠦᠨᠡᠨᠴᠢ ᠲᠠᠯᠠᠷᠬᠠᠯ ᠢᠶᠠᠨ ᠢᠯᠡᠳᠬᠡᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠪᠠᠲᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠳᠬᠠᠪᠠ᠃        ᠵᠠᠩ ᠳ᠋ᠦᠩ ᠫᠢᠩ  ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠰᠢᠨ᠎ᠡ ᠶᠢ ᠡᠭᠦᠳᠦᠭᠰᠡᠨ ︽ᠵᠡᠮᠳᠡᠭᠴᠦᠳ ᠤᠨ ᠬᠠᠪᠰᠤᠷᠤᠨ ᠭᠦᠢᠴᠡᠳᠬᠡᠬᠦ ᠠᠷᠪᠠᠨ ᠵᠦᠢᠯ ᠤᠨ ᠨᠠᠷᠢᠨ ᠲᠠᠩᠰᠠ︾᠎ ᠶᠢᠨ ᠦᠢᠯᠡᠴᠢᠯᠡᠭᠡ ᠶᠢ ᠡᠯ᠎ᠡ ᠲᠣᠰᠬᠤᠨ ᠠᠴᠠ ᠵᠡᠮᠳᠡᠭᠴᠦᠳ ᠲᠤ ᠭᠡᠷ ᠲᠤᠨᠢ ᠬᠦᠷᠴᠦ ᠦᠢᠯᠡᠴᠢᠯᠡᠬᠦ ᠠᠷᠭ᠎ᠠ ᠬᠡᠮᠵᠢᠶ᠎ᠡ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠵᠠᠩ ᠳ᠋ᠦᠩ ᠫᠢᠩ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠨᠡᠩ ᠢᠯᠡᠭᠦᠦ ᠣᠶᠢᠯᠠᠭᠠᠨ ᠬᠠᠪᠰᠤᠷᠬᠤ ᠶᠢ ᠤᠯᠠᠮ ᠨᠢᠭᠡ ᠠᠯᠬᠤᠮ ᠠᠬᠢᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠪᠦᠬᠦ ᠨᠡᠶᠢᠭᠡᠮ ᠳᠤ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号