ᠰᠢᠭᠤᠶᠢᠲᠤ ᠲᠣᠭᠤᠷᠢᠭ ᠤᠨ ᠪᠡᠳᠬᠡᠷ ᠵᠣᠣ ᠡᠷᠡᠭᠦᠯ ᠬᠠᠮᠠᠭᠠᠯᠠᠯ ᠤᠨ ᠬᠤᠷᠢᠶ᠎ᠠ ᠰᠡᠳᠬᠢᠴᠡ ᠶᠢᠨ ᠡᠷᠡᠭᠦᠯ ᠮᠡᠨᠳᠦ ᠶᠢᠨ ᠶᠠᠷᠢᠶ᠎ᠠ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2023/11/10
        2023 ᠣᠨ ᠤ 11 ᠰᠠᠷ᠎ᠠ ᠶᠢᠨ 9᠎ ᠤ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ  ᠪᠡᠳᠬᠡᠷ ᠵᠣᠣ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠡᠷᠡᠭᠦᠯ ᠴᠢᠭᠢᠷᠠᠭ ᠤᠨ ᠬᠢᠴᠢᠶᠡᠯ ᠬᠥᠮᠦᠵᠢᠯ ᠤᠨ ᠲᠠᠰᠤᠭ ᠲᠤ ᠰᠡᠳᠬᠢᠴᠡ ᠶᠢᠨ ᠡᠷᠡᠭᠦᠯ ᠴᠢᠭᠢᠷᠠᠭ ᠤᠨ ᠬᠢᠴᠢᠶᠡᠯ ᠲᠠᠶᠢᠯᠤᠮᠵᠢ  ᠬᠢᠪᠡ᠃
1699609502622070326.jpg
         ᠬᠦᠳᠡᠯᠬᠡᠬᠡᠨ ᠳᠤᠮᠳᠠ᠂ ᠡᠮᠨᠡᠯᠭᠡ ᠶᠢᠨ ᠠᠵᠢᠯᠲᠠᠳ ᠲᠤᠰᠬᠠᠢ ᠮᠡᠷᠭᠡᠵᠢᠯ ᠤᠨ ᠰᠡᠳᠬᠢᠴᠡ ᠶᠢᠨ ᠵᠦᠢ ᠶᠢᠨ ᠮᠡᠳᠡᠯᠭᠡ ᠪᠠ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠᠷ ᠢᠶᠠᠨ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ᠂ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠠᠰᠠᠭᠤᠳᠠᠯ ᠵᠢᠴᠢ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠬᠡᠷᠬᠢᠨ ᠪᠠᠲᠤᠯᠠᠬᠤ ᠵᠡᠷᠭᠡ ᠠᠭᠤᠯᠭ᠎ᠠ ᠶᠢ ᠭᠦᠨᠵᠡᠭᠡᠢ ᠣᠶᠢᠯᠠᠭᠠᠮᠵᠢᠲᠠᠢ ᠲᠠᠶᠢᠯᠪᠤᠷᠢᠯᠠᠵᠤ ᠥᠭᠪᠡ᠃ ᠡᠭᠦᠨ ᠤ ᠬᠠᠮᠲᠤ ᠰᠡᠳᠬᠢᠴᠡ ᠶᠢᠨ ᠵᠠᠰᠠᠯᠭ᠎ᠠ ᠶᠢᠨ ᠠᠷᠭ᠎ᠠ ᠶᠢ ᠬᠡᠷᠡᠭᠯᠡᠵᠦ᠂ ᠰᠡᠵᠢᠭ ᠡᠭᠡᠳᠡᠷᠡᠭᠡᠨ ᠲᠠᠢ ᠣᠶᠤᠨ ᠮᠡᠳᠡᠷᠡᠯ ᠤᠨ ᠰᠠᠭᠠᠳ ᠲᠠᠢ ᠬᠥᠮᠥᠰ ᠵᠢᠴᠢ ᠭᠡᠷ ᠪᠦᠯᠢ ᠳᠤ ᠲᠤᠬᠠᠢ ᠶᠢᠨ ᠲᠠᠯᠠᠪᠤᠷ ᠤᠨ ᠰᠡᠳᠬᠢᠴᠡ ᠶᠢᠨ ᠡᠮᠴᠢᠯᠡᠭᠡ ᠬᠢᠵᠦ᠂ ᠲᠡᠳᠡᠨ ᠤ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠢ ᠠᠰᠠᠭᠤᠳᠠᠯ ᠢ ᠨᠢ ᠬᠠᠷᠢᠭᠤᠯᠵᠤ᠂ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠲᠤᠰ ᠤᠳᠠᠭ᠎ᠠ ᠶᠢᠨ ᠠᠵᠢᠯᠯᠠᠭ᠎ᠠ ᠳᠤ᠂ ᠡᠷᠡᠭᠦᠯ ᠮᠡᠨᠳᠦ ᠶᠢᠨ ᠭᠠᠷ ᠳᠡᠪᠲᠡᠷ ᠨᠡᠶᠢᠲᠡ 55 ᠳᠡᠪᠲᠡᠷ ᠲᠠᠷᠬᠠᠭᠠᠪᠠ᠃          ᠲᠤᠰ ᠤᠳᠠᠭᠠᠨ ᠤ ᠲᠠᠶᠢᠯᠤᠮᠵᠢ ᠨᠢ ᠣᠶᠤᠨ ᠮᠡᠳᠡᠷᠡᠯ ᠤᠨ ᠰᠠᠭᠠᠳ ᠲᠠᠢ ᠬᠥᠮᠥᠰ ᠵᠢᠴᠢ ᠭᠡᠷ ᠪᠦᠯᠢ ᠶᠢᠨ ᠎ ᠬᠢᠨ ᠢ ᠬᠠᠪᠰᠤᠷᠴᠤ ᠰᠡᠳᠬᠢᠴᠡ ᠶᠢᠨ ᠡᠷᠡᠭᠦᠯ ᠮᠡᠨᠳᠦ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠨᠢ ᠨᠡᠮᠡᠭᠳᠡᠭᠦᠯᠦᠨ᠂ ᠠᠷᠭᠠᠴᠠᠬᠤ ᠠᠷᠭ᠎ᠠ ᠪᠣᠳᠣᠯᠭ᠎ᠠ ᠶᠢ ᠰᠤᠷᠤᠯᠴᠠᠭᠤᠯᠵᠤ᠂ ᠣᠶᠤᠨ ᠮᠡᠳᠡᠷᠡᠯ ᠤᠨ ᠰᠠᠭᠠᠳ ᠲᠠᠢ ᠬᠡᠰᠡᠭ ᠬᠥᠮᠥᠰ ᠵᠢᠴᠢ ᠭᠡᠷ ᠪᠦᠯᠢ ᠶᠢᠨ ᠰᠡᠳᠬᠢᠴᠡ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠭᠡᠷ ᠪᠦᠯᠢ ᠶᠢᠨ ᠡᠶ᠎ᠡ ᠡᠪ ᠢ ᠨᠢ ᠠᠬᠢᠭᠤᠯᠤᠨ᠂ ᠣᠶᠤᠨ ᠮᠡᠳᠡᠷᠡᠯ ᠤᠨ ᠰᠠᠭᠠᠳ ᠲᠠᠢ ᠬᠥᠮᠥᠰ ᠢ ᠬᠠᠪᠰᠤᠷᠴᠤ ᠠᠯᠬᠤᠮ ᠠᠯᠬᠤᠮ ᠢᠶᠠᠷ ᠭᠡᠷ ᠪᠦᠯᠢ ᠶᠢᠨ ᠭᠠᠳᠠᠨ᠎ᠠ ᠭᠠᠷᠭᠠᠵᠤ᠂ ᠨᠡᠶᠢᠭᠡᠮ ᠤᠨ ᠠᠮᠢᠳᠤᠷᠠᠯ ᠳᠤ ᠠᠭᠤᠰᠬᠠᠨ ᠣᠷᠣᠭᠤᠯᠪᠠ᠃   
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号