ᠭᠤᠣᠯ ᠰᠡᠳᠦᠪᠲᠦ ᠬᠥᠮᠦᠵᠢᠯ ᠤᠨ ︽ᠠᠮᠢᠵᠢᠷᠠᠯ ᠤᠨ ᠬᠦᠴᠦᠨ ᠢ ᠤᠷᠢᠶᠠᠯᠠᠬᠤ︾ ᠠᠯᠪᠠᠨ ᠵᠢᠷᠤᠮ ᠤᠨ ᠡᠮᠴᠢᠯᠡᠭᠡ ᠶᠢᠨ ᠦᠢᠯᠡᠴᠢᠯᠡᠭᠡ ᠠᠷᠠᠳ ᠤᠨ ᠵᠣᠪᠠᠨᠢᠯ ᠢ ᠠᠷᠢᠯᠭᠠᠪᠠ
ᠨᠡᠶᠢᠲᠡᠯᠡᠭᠰᠡᠨ ᠴᠠᠭ᠄
2023/11/16
        ᠭᠤᠣᠯ ᠰᠡᠳᠦᠪᠲᠦ ᠰᠤᠷᠭᠠᠨ ᠬᠥᠮᠦᠵᠢᠯ ᠤᠨ ᠭᠦᠨᠵᠡᠭᠡᠢ ᠠᠭᠢᠬᠤ ᠶᠢ ᠳᠠᠭᠠᠯᠳᠤᠨ᠂ ᠢᠮᠠᠭᠲᠠ ᠴᠢᠩᠭ᠎ᠠ ᠨᠢᠮᠪᠠᠢ ᠣᠪᠣᠷ ᠰᠤᠷᠲᠠᠯ᠂ ᠰᠠᠨᠠᠭᠠᠴᠢᠯᠭ᠎ᠠ ᠲᠠᠢ ᠪᠠᠷ ᠠᠵᠢᠯᠯᠠᠵᠤ᠂ ᠭᠤᠣᠯ ᠰᠡᠳᠦᠪᠲᠦ ᠰᠤᠷᠭᠠᠨ ᠬᠥᠮᠦᠵᠢᠯ ᠢ ︽ᠴᠠᠭᠠᠰᠤᠨ ᠳᠡᠭᠡᠷ᠎ᠡ ᠰᠤᠷᠭᠠᠭᠤᠯᠢ ᠳᠤ ᠰᠠᠭᠤᠬᠤ︾᠎ ᠶᠢ ᠪᠠᠷᠢᠮᠲᠠᠯᠠᠵᠤ᠂ ᠨᠡᠩ ︽ᠤᠴᠢᠷ ᠶᠠᠪᠤᠳᠠᠯ ᠳᠡᠭᠡᠷ᠎ᠡ ᠰᠠᠨᠠᠯ ᠳᠤᠷᠠᠳᠬᠤ︾᠎ ᠪᠠᠷ ᠪᠠᠷᠠᠬᠤ ᠦᠭᠡᠢ᠂ ︽ᠬᠤᠣᠰ ᠰᠣᠨᠢᠨ ᠳᠡᠭᠡᠷ᠎ᠡ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ︾ ᠎ ᠶᠢᠨ ᠠᠵᠢᠯ ᠲᠠᠢ ᠤᠶᠠᠯᠳᠤᠭᠤᠯᠤᠨ᠂ 11 ᠰᠠᠷ᠎ᠠ ᠶᠢᠨ 15᠎ ᠤ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠨᠠᠮ ᠤᠨ ᠭᠡᠰᠢᠭᠦᠨ᠂ ᠡᠮᠴᠢ ᠰᠤᠪᠢᠯᠠᠭᠴᠢᠳ ᠢ ᠵᠣᠬᠢᠶᠠᠨ ᠪᠠᠶᠢᠭᠤᠯᠤᠨ ᠢ ᠾᠧ ᠵᠢᠶᠠ ᠶᠤᠸᠠᠨ ᠪᠠᠭ᠎ᠠ ᠲᠣᠭᠤᠷᠢᠭ ᠲᠤ ᠣᠴᠢᠵᠤ ︽ᠠᠩᠬ᠎ᠠ ᠤᠳᠠᠭ᠎ᠠ ᠨᠡᠶᠢᠭᠡᠮ ᠲᠣᠭᠤᠷᠢᠭ ᠲᠤ ᠬᠦᠷᠴᠦ ᠳᠥᠭᠦᠮ ᠦᠵᠡᠭᠦᠯᠭᠦ ᠮᠥᠷᠲᠡᠭᠡᠨ ᠵᠣᠭᠤᠰ ᠠᠷᠪᠢᠯᠠᠬᠤ︾᠎ ᠪᠠᠷ ᠭᠤᠣᠯ ᠰᠡᠳᠦᠪ ᠪᠤᠯᠭᠠᠬᠰᠠᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠠᠷᠠᠳ ᠣᠯᠠᠨ ᠤ ᠲᠥᠯᠥᠭᠡ ᠬᠦᠰᠡᠬᠦ᠂ ᠠᠷᠠᠳ ᠲᠦᠮᠡᠨ ᠬᠡᠷᠡᠭᠰᠡᠬᠦ ᠨᠢ ᠥᠪᠡᠷ ᠤᠨ ᠬᠢᠬᠦ︾᠎ ᠶᠢ ᠪᠡᠶᠡᠯᠡᠭᠦᠯᠵᠦ᠂ ᠠᠷᠠᠳ ᠤᠨ ᠰᠠᠨᠠᠭᠠᠰᠢᠷᠠᠯ ᠢ ᠣᠨᠣᠪᠴᠢᠲᠠᠢ ᠰᠢᠢᠳᠪᠦᠷᠢᠯᠡᠬᠦ ᠬᠡᠷᠡᠭᠲᠡᠢ᠃ 
1700123995617098677.jpg
         ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ 50 ᠭᠠᠷᠤᠢ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠴᠠᠭᠢᠯᠭᠠᠨ ᠵᠢᠷᠤᠭ᠂ ᠥᠩᠭᠡᠲᠦ ᠭᠡᠳᠦ ᠵᠢᠴᠢ TCD ᠵᠡᠷᠭᠡ ᠪᠠᠶᠢᠴᠠᠭᠠᠯᠲᠠ ᠦᠢᠯᠡᠴᠢᠯᠡᠭᠡ ᠬᠠᠩᠭᠠᠵᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠢᠲᠠᠳ ᠡᠮᠨᠡᠯᠭᠡ ᠶᠢᠨ ᠪᠡᠶ᠎ᠡ ᠮᠠᠬᠠᠪᠤᠳ ᠤᠨ ᠰᠢᠯᠭᠠᠨ ᠪᠠᠶᠢᠴᠠᠭᠠᠯᠲᠠ ᠵᠢᠴᠢ ᠴᠢᠰᠤ᠂ ᠰᠢᠭᠡᠰᠦᠨ ᠤ ᠵᠤᠷᠰᠢᠯ᠂ ᠡᠯᠢᠭᠡᠨ ᠤ ᠠᠵᠢᠯᠯᠠᠭ᠎ᠠ᠂ ᠪᠥᠭᠡᠷ᠎ᠡ ᠶᠢᠨ ᠴᠢᠳᠠᠮᠵᠢ᠂ ᠴᠢᠰᠤᠨ ᠥᠭᠡᠬᠦ᠂ ᠥᠯᠥᠨ ᠢᠶᠠᠷ ᠴᠢᠰᠤᠨ ᠤ ᠰᠢᠬᠢᠷ ᠵᠢᠴᠢ ᠵᠢᠷᠦᠬᠡᠨ ᠴᠠᠭᠢᠯᠭᠠᠨ ᠵᠢᠷᠤᠭ ᠵᠡᠷᠭᠡ ᠲᠠᠯ᠎ᠠ ᠶᠢᠨ ᠪᠠᠶᠢᠴᠠᠭᠠᠯᠲᠠ ᠬᠢᠵᠡᠢ᠃ ᠬᠢᠲᠠᠳ ᠡᠮᠨᠡᠯᠭᠡ ᠶᠢᠨ ᠰᠠᠯᠠᠭ᠎ᠠ᠂ ᠳᠣᠲᠣᠷ ᠭᠠᠳᠠᠷ ᠡᠮᠨᠡᠯᠭᠡ ᠶᠢᠨ ᠡᠮᠴᠢ ᠣᠯᠠᠨ ᠲᠦᠮᠡᠨ ᠳᠤ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ᠂ ᠡᠮ ᠬᠡᠷᠡᠭᠯᠡᠬᠦ ᠴᠡᠭᠡᠷ ᠵᠡᠷᠭᠡ ᠶᠢ ᠲᠠᠶᠢᠯᠪᠤᠷᠢᠯᠠᠨ ᠶᠠᠷᠢᠵᠤ ᠥᠭᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠶᠢ ᠵᠠᠬᠢᠵᠤ ᠡᠷᠲᠡ ᠣᠯᠵᠤ ᠮᠡᠳᠡᠪᠡᠯ ᠡᠷᠲᠡ ᠡᠮᠨᠡᠨ ᠵᠠᠰᠠᠬᠤ ᠬᠡᠷᠡᠭᠲᠡᠢ᠃ 
2.jpg
1.jpg
         ᠡᠨᠡ ᠤᠳᠠᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠣᠯᠠᠨ ᠲᠦᠮᠡᠨ ᠤ ᠡᠪᠡᠳᠴᠢᠨ ᠤ ᠮᠡᠳᠡᠯᠭᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠵᠦ᠂ ᠡᠷᠡᠭᠦᠯ ᠮᠡᠨᠳᠦ ᠶᠢᠨ ᠦᠢᠯᠡ ᠠᠵᠢᠯᠯᠠᠭ᠎ᠠ ᠶᠢ ᠬᠥᠮᠥᠵᠢᠭᠦᠯᠦᠨ᠎ᠡ᠃ ᠳᠠᠷᠠᠭ᠎ᠠ ᠠᠯᠬᠤᠮ ᠳᠤ᠂ ᠣᠷᠣᠨ ᠤ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠯ᠎ᠡ ᠨᠢᠭᠡᠴᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠰᠤᠷᠭᠠᠨ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠭᠢᠶᠠᠯ ᠪᠤᠯᠭᠠᠵᠤ᠂ ᠣᠯᠠᠨ ᠲᠦᠮᠡᠨ ᠤ ᠪᠠᠴᠢᠮ ᠲᠤᠯᠭᠠᠮ᠎ᠠ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ᠂ ᠤᠭ ᠰᠠᠨᠠᠭ᠎ᠠ᠂ ᠵᠣᠷᠢᠭ᠂ ᠬᠠᠯᠠᠭᠤᠨ ᠰᠡᠳᠬᠢᠯ ᠢᠶᠠᠷ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠬᠠᠨᠳᠤᠯᠭᠠᠲᠤ ᠬᠦᠴᠦᠨ᠂ ᠳᠠᠶᠢᠴᠢᠨ ᠬᠦᠴᠦᠨ᠂ ᠦᠢᠯᠡᠴᠢᠯᠡᠬᠦ ᠬᠦᠴᠦᠨ ᠢᠶᠠᠨ ᠳᠡᠭᠡᠭᠰᠢᠯᠡᠭᠦᠯᠵᠦ᠂ ᠭᠤᠣᠯ ᠰᠡᠳᠦᠪᠲᠦ ᠰᠤᠷᠭᠠᠨ ᠬᠥᠮᠦᠵᠢᠯ ᠢ ᠨᠡᠩ ᠭᠦᠨᠴᠡ ᠲᠠᠢ᠂ ᠡᠷᠴᠢᠮ ᠲᠠᠢ᠂ ᠬᠠᠯᠠᠭᠤᠨ ᠳᠤᠯᠠᠭᠠᠮᠵᠢ ᠲᠠᠢ ᠪᠣᠯᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号