ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠣᠷᠣᠵᠤ    ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ ​
ᠨᠡᠶᠢᠲᠡᠯᠡᠭᠰᠡᠨ ᠴᠠᠭ᠄
2023/11/17
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠥᠯᠥᠭᠡ᠂ ᠨᠠᠮ ᠤᠨ ᠭᠡᠰᠢᠭᠦᠨ᠂ ᠺᠠᠳ᠋ᠷ ᠠᠵᠢᠯᠲᠠᠨ ᠠᠵᠢᠯᠴᠢᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠣᠯᠣᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠪᠠ᠃ 11 ᠰᠠᠷ᠎ᠠ ᠶᠢᠨ 13᠎ ᠤ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠴᠢᠦᠢ ᠨᠠ ᠨᠥᠬᠦᠷ ︽ᠬᠤᠷᠢᠭ᠎ᠠ ᠱᠤᠭᠤᠮ ᠢ ᠪᠠᠲᠤ ᠰᠠᠬᠢᠵᠤ ᠤᠯᠠᠭᠠᠨ ᠱᠤᠭᠤᠮ ᠠᠴᠠ ᠳᠠᠪᠠᠭᠤ ᠦᠭᠡᠢ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ︾ᠭᠡᠬᠦ ᠰᠡᠳᠦᠪ ᠢᠶᠠᠷ ᠪᠥᠬᠦ ᠺᠠᠳ᠋ᠷ ᠠᠵᠢᠯᠲᠠᠨ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠣᠷᠣᠪᠠ᠃
1699952500106035451.jpg        
        ᠨᠠᠮ ᠤᠨ ᠬᠢᠴᠢᠶᠡᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠦᠵᠡᠯ ᠰᠠᠨᠠᠭ᠎ᠠ ᠤᠬᠠᠮᠰᠠᠷ ᠢᠶᠠᠨ ᠴᠢᠩᠭᠠᠳᠬᠠᠬᠤ᠂ ᠶᠣᠰᠣ ᠰᠤᠷᠲᠠᠬᠤᠨ ᠤ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ᠭᠤᠷᠪᠠᠨ ᠪᠣᠭᠤᠮᠲᠠ︾᠎ ᠶᠢ ᠰᠠᠶᠢᠲᠤᠷ ᠰᠠᠬᠢᠬᠤ ᠭᠤᠷᠪᠠᠨ ᠲᠠᠯ᠎ᠠ ᠠᠴᠠ ᠥᠷᠨᠢᠭᠦᠯᠵᠦ᠂ ᠤᠨᠤᠯ ᠤᠨ ᠮᠡᠳᠡᠯᠭᠡ ᠪᠣᠯᠣᠨ ᠬᠡᠷᠡᠭ ᠤᠨ ᠵᠢᠱᠢᠶ᠎ᠡ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠤᠯᠠᠨ ᠲᠠᠯ᠎ᠠ᠂ ᠤᠯᠠᠨ ᠬᠠᠷᠠᠭᠠᠰᠤ ᠠᠴᠠ ︽ᠪᠢᠴᠢᠯ ᠢᠯᠵᠠᠷᠠᠯ︾᠎ ᠤᠨ ᠬᠤᠣᠷ ᠬᠥᠨᠥᠭᠡᠯᠳᠦ ᠴᠢᠨᠠᠷ ᠲᠤ ᠭᠦᠨᠵᠡᠭᠡᠢ ᠵᠠᠳᠠᠯᠤᠯᠲᠠ ᠬᠢᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠺᠠᠳ᠋ᠷ ᠤᠨ ᠬᠤᠷᠢᠭ᠎ᠠ ᠱᠤᠭᠤᠮ ᠢ ᠪᠠᠲᠤ ᠰᠠᠬᠢᠬᠤ ᠪᠠᠷ ᠪᠠᠷᠠᠬᠤ ᠦᠭᠡᠢ᠂ ᠨᠡᠩ ᠴᠤ ᠢᠯᠵᠠᠷᠠᠯ ᠢ ᠰᠡᠷᠭᠡᠶᠢᠯᠡᠬᠦ ᠰᠡᠷᠭᠡᠶᠢᠯᠡᠯᠲᠡ ᠶᠢᠨ ᠬᠡᠷᠡᠮ ᠢ ᠦᠨᠳᠦᠰᠦᠨ ᠠᠴᠠ ᠎ ᠨᠢ ᠪᠠᠶᠢᠭᠤᠯᠬᠤ ᠬᠡᠷᠡᠭᠲᠡᠢ︔ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠠᠯᠪᠠᠨ ᠤ ᠪᠠ ᠬᠤᠪᠢ ᠶᠢ ᠲᠣᠳᠣᠷᠬᠠᠢ ᠰᠠᠯᠭᠠᠬᠤ ᠶᠢ ᠪᠡᠶᠡᠯᠡᠭᠦᠯᠬᠦ ᠪᠠᠷ ᠪᠠᠷᠠᠬᠤ ᠦᠭᠡᠢ᠂ ᠨᠡᠩ ᠴᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠬᠢᠯᠡᠯᠲᠡ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ︔ ︽ᠰᠠᠬᠢᠯᠭ᠎ᠠ ᠪᠠᠲᠤ ᠶᠢ ᠴᠢᠩᠳᠠᠯᠠᠬᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠣᠪᠣᠷ ᠰᠤᠷᠲᠠᠯ ᠢ ᠴᠢᠩᠭᠠᠳᠬᠠᠬᠤ︾᠎ ᠪᠠᠷ ᠠᠵᠠ ᠲᠣᠬᠢᠶᠠᠯ ᠪᠣᠯᠭᠠᠬᠤ ᠪᠠᠷ ᠪᠠᠷᠠᠬᠤ ᠦᠭᠡᠢ᠂ ᠨᠡᠩ ᠴᠤ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ︽ᠳᠣᠲᠣᠭᠠᠳᠤ ᠲᠠᠮᠢᠷ︾᠎ ᠢ ᠰᠠᠶᠢᠲᠤᠷ ᠪᠣᠯᠪᠠᠰᠤᠷᠠᠭᠤᠯᠪᠠ᠃        ᠲᠣᠰ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠠᠶᠢᠵᠤ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠰᠢᠯᠢᠳᠡᠭ ᠰᠤᠷᠲᠠᠯ ᠢᠶᠠᠨ ᠵᠠᠯᠭᠠᠮᠵᠢᠯᠠᠨ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠬᠡᠪ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠬᠠᠮᠰᠠᠷᠲᠤ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠪᠠᠷ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠵᠠᠭᠠᠷᠯᠠᠵᠤ᠂ ᠨᠠᠮ ᠤᠨ ᠦᠢᠯᠡᠰ ᠲᠤ ᠦᠨᠡᠨ ᠬᠦ ᠬᠠᠷᠢᠭᠤᠴᠠᠵᠤ᠂ ᠥᠪᠡᠷ ᠤᠨ ᠤᠯᠤᠰ ᠲᠥᠷᠥ ᠶᠢᠨ ᠢᠷᠡᠭᠡᠳᠦᠢ ᠳᠡᠭᠡᠨ ᠬᠠᠷᠢᠭᠤᠴᠠᠵᠤ᠂ ᠰᠡᠷᠭᠡᠶᠢᠯᠡᠯᠲᠡ ᠶᠢᠨ ᠱᠤᠭᠤᠮ ᠢᠶᠠᠨ ᠲᠠᠰᠤᠷᠠᠯᠲᠠ ᠦᠭᠡᠢ ᠪᠠᠬᠢᠵᠢᠭᠦᠯᠵᠦ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠪᠣᠯᠪᠠᠰᠤᠷᠠᠯ ᠢᠶᠠᠨ ᠳᠡᠭᠡᠭᠰᠢᠯᠡᠭᠦᠯᠦᠨ᠂ ᠰᠤᠷᠲᠠᠯ ᠴᠢᠬᠡᠴᠢ ᠣᠪᠣᠷ ᠲᠥᠪ ᠠᠷᠢᠭᠤᠨ ᠴᠢᠬᠡᠴᠢ ᠣᠷᠴᠢᠨ ᠨᠥᠬᠦᠴᠡᠯ ᠢ ᠪᠣᠶ ᠪᠣᠯᠭᠠᠪᠠ᠃ᠡᠬᠡ ᠪᠢᠴᠢᠭ ᠬᠠᠩᠭᠠᠭᠴᠢ᠄ ᠭᠤᠸᠠᠨ ᠷᠦᠩ ᠨᠢᠭᠡᠳᠦᠭᠡᠷ ᠰᠢᠭᠦᠯᠲᠡ᠄ ᠪᠠᠢ ᠶᠢᠨ ᠬᠤᠸᠠ ᠬᠤᠶᠠᠳᠤᠭᠠᠷ ᠰᠢᠭᠦᠯᠲᠡ᠄ ᠴᠢᠦᠢ ᠨᠠ ᠭᠤᠷᠪᠠᠳᠤᠭᠠᠷ ᠰᠢᠭᠦᠯᠲᠡ᠄ ᠬᠤᠤ ᠵᠢᠦᠢ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号