ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠤᠭᠤᠲᠤ ᠬᠤᠲᠠ ᠶᠢᠨ ᠲᠤᠬᠠᠢ ᠶᠢᠨ ᠲᠠᠯᠠᠪᠠᠶ ᠶᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/11/17
        ᠪᠤᠭᠤᠲᠤ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠤᠭᠤᠲᠤ ᠬᠤᠳᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠠᠵᠢᠯᠴᠢᠨ ᠤ ᠡᠪᠯᠡᠯ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ᠪᠤᠭᠤᠲᠤ ᠬᠤᠳᠠ ᠶᠢᠨ ᠲᠤᠬᠠᠢ ᠶᠢᠨ ᠲᠠᠯᠠᠪᠠᠢ ᠶᠢᠨ ᠲᠠᠬᠤᠯ ᠡᠪᠡᠳᠴᠢᠨ ᠤ ᠰᠤᠳᠤᠯᠤᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ 2023 ᠣᠨ ᠤ 11 ᠰᠠᠷ᠎ᠠ ᠶᠢᠨ 10᠎ ᠤ ᠡᠳᠦᠷ᠂ ᠬᠤᠳᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠳᠤ ᠡᠬᠢᠯᠡᠵᠦ᠂ ᠱᠢ ᠭᠤᠸᠠᠢ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠠᠴᠠ ᠰᠣᠩᠭᠤᠨ ᠲᠣᠮᠢᠯᠠᠭᠰᠠᠨ 3 ᠲᠠᠮᠢᠷᠴᠢᠨ ᠰᠢᠯᠢᠳᠡᠭ ᠠᠮᠵᠢᠯᠲᠠ ᠣᠯᠵᠠᠢ᠃
1699931948687042782.jpg       
         ᠲᠣᠰ ᠤᠳᠠᠭᠠᠨ ᠤ ᠤᠷᠤᠯᠳᠤᠭᠠᠨ ᠳᠤ ᠲᠤᠬᠠᠢ ᠶᠢᠨ ᠲᠠᠯᠠᠪᠤᠷ ᠤᠨ ᠲᠠᠬᠤᠯ ᠡᠪᠡᠳᠴᠢᠨ ᠤ ᠰᠤᠳᠤᠯᠤᠯ ᠤᠨ ᠦᠢᠯᠡᠳᠦᠯᠭᠡ ᠶᠢᠨ ᠤᠷ᠎ᠠ ᠴᠢᠳᠠᠪᠤᠷᠢ᠂ ᠰᠢᠷᠡᠭᠡᠨ ᠳᠡᠭᠡᠷᠡᠬᠢ ᠤᠯᠠᠷᠢᠭᠤᠯᠤᠯᠲᠠ᠂ ᠲᠠᠬᠤᠯ ᠡᠪᠡᠳᠴᠢᠨ ᠤ ᠰᠤᠳᠤᠯᠤᠯ ᠤᠨ ᠮᠡᠳᠡᠯᠭᠡ ᠵᠡᠷᠭᠡ ᠭᠤᠷᠪᠠᠨ ᠭᠤᠭᠴᠤᠭ᠎ᠠ ᠶᠢ ᠲᠣᠬᠢᠷᠠᠭᠤᠯᠪᠠ᠃ ᠤᠷᠤᠯᠳᠤᠭᠠᠨ ᠤ ᠠᠭᠤᠯᠭ᠎ᠠ ᠨᠢ ᠬᠠᠯᠳᠠᠪᠤᠷᠢᠲᠤ ᠡᠪᠡᠳᠴᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠵᠠᠳᠠᠯᠬᠤ᠂ ᠦᠨᠡᠯᠡᠨ ᠵᠢᠱᠢᠬᠦ ᠪᠠ ᠰᠢᠢᠳᠪᠦᠷᠢᠯᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠤᠰᠬᠠᠢ ᠮᠡᠷᠭᠡᠵᠢᠯ ᠤᠨ ᠮᠡᠳᠡᠯᠭᠡ ᠪᠠ ᠤᠷ᠎ᠠ ᠴᠢᠳᠠᠪᠤᠷᠢ ᠵᠡᠷᠭᠡ ᠶᠢᠨ ᠲᠣᠭᠤᠷᠢᠨ ᠳᠤ ᠪᠠᠶᠢᠳᠠᠭ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠭᠤᠷᠪᠠᠨ ᠲᠠᠮᠢᠷᠴᠢᠨ ᠪᠦᠯᠬᠦᠮᠳᠡᠨ ᠬᠠᠮᠵᠢᠯᠴᠠᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ ᠂ ᠬᠤᠪᠢ ᠬᠥᠮᠥᠨ ᠤ ᠭᠤᠷᠪᠠᠳᠤᠭᠠᠷ ᠳᠡᠰ ᠤᠨ ᠱᠠᠩᠨᠠᠯ ᠨᠢᠭᠡ᠂ ᠨᠡᠭᠦᠳᠡᠯ ᠮᠡᠷᠭᠡᠵᠢᠯ ᠤᠨ ᠲᠠᠩ ᠲᠥᠷᠥᠯ ᠤᠨ ᠱᠠᠩᠨᠠᠯ ᠨᠢᠭᠡ ᠣᠯᠣᠭᠰᠠᠨ ᠰᠠᠶᠢᠨ ᠬᠢᠷᠢ ᠪᠦᠲᠦᠮᠵᠢ ᠣᠯᠵᠠᠢ᠃ ᠱᠢ ᠭᠤᠸᠠᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠣᠰ ᠤᠳᠠᠭᠠᠨ ᠤ ᠤᠷᠤᠯᠳᠤᠭᠠᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠭᠥᠷᠳᠡᠪᠡ᠃
1699931956411064525.jpg        
        ᠬᠤᠶᠢᠰᠢᠳᠠ᠂  ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠦᠷᠭᠦᠯᠵᠢᠯᠡᠨ ᠪᠣᠯᠪᠠᠰᠤᠷᠠᠭᠤᠯᠤᠯ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠰᠣᠷᠢᠯᠲᠠ ᠪᠠᠷ ᠪᠣᠳᠠᠲᠤ ᠪᠠᠶᠢᠯᠳᠤᠭᠠᠨ ᠢ ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠲᠣᠣᠷ ᠢ ᠪᠠᠲᠤ ᠪᠠᠬᠢ ᠪᠣᠶ ᠪᠣᠯᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号