ᠵᠢᠪᠬᠤᠯᠠᠩᠲᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠥᠳᠡᠭᠡ ᠲᠣᠰᠬᠤᠨ ᠢ ᠬᠥᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/21
        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ 11 ᠰᠠᠷ᠎ᠠ ᠶᠢᠨ 16᠎ ᠤ ᠡᠳᠦᠷ᠂ᠵᠢᠪᠬᠤᠯᠠᠩᠲᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ 
1700206162513074823.jpg
        ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠳᠡᠳ᠋ ᠳᠠᠷᠤᠭ᠎ᠠ ᠰᠦ᠋ ᠵᠢᠶᠧ ᠡᠷᠡᠭᠦᠯ ᠬᠠᠮᠠᠭᠠᠯᠠᠯ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠶᠢᠷᠢᠯᠠᠭᠤᠯᠤᠯᠲᠠ ᠬᠢᠪᠡ᠃ ᠨᠢᠭᠡ ᠳᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠠᠶᠢᠯ ᠲᠣᠰᠬᠤᠨ ᠳᠤ ᠭᠦᠨᠵᠡᠭᠡᠶᠢᠷᠡᠨ ᠡᠩ ᠤᠨ ᠶᠠᠳᠠᠭᠤ ᠠᠴᠠ ᠠᠩᠭᠢᠵᠢᠷᠠᠭᠰᠠᠨ ᠡᠷᠦᠭᠡ᠂ ᠭᠡᠨᠡᠳᠲᠡ ᠶᠢᠨ ᠬᠦᠨᠳᠦ ᠬᠡᠴᠡᠭᠦᠦ ᠬᠦᠴᠢᠷᠳᠡᠯ᠂ ᠲᠥᠪ ᠠᠴᠠ ᠶᠠᠳᠠᠭᠤᠷᠠᠬᠤ ᠳᠤ ᠳᠥᠭᠦᠮ ᠪᠠᠶᠢᠬᠤ ᠪᠠᠷ ᠦᠢᠯᠡᠴᠢᠯᠡᠭᠡᠨ ᠤ ᠭᠤᠣᠯᠳᠠᠯᠭ᠎ᠠ ᠲᠠᠢ ᠬᠢᠨᠠᠨ ᠰᠢᠨᠵᠢᠬᠦ ᠡᠲᠡᠭᠡᠳ ᠪᠤᠯᠭᠠᠵᠤ᠂ ᠡᠷᠡᠭᠦᠯᠵᠢᠯ ᠤᠨ ᠥᠪᠡᠷᠮᠢᠴᠡ ᠦᠢᠯᠡᠴᠢᠯᠡᠭᠡ ᠲᠣᠭᠲᠠᠭᠠᠨ᠂ ᠦᠢᠯᠡᠴᠢᠯᠡᠭᠡᠨ ᠤ ᠭᠡᠷ᠎ᠡ ᠲᠣᠭᠲᠠᠵᠤ᠂ ᠡᠷᠡᠭᠦᠯ ᠮᠡᠨᠳᠦ ᠪᠠᠷ ᠲᠣᠭᠤᠷᠢᠨ ᠶᠠᠷᠢᠬᠤ ︽ᠭᠤᠷᠪᠠᠨ ᠠᠷᠭ᠎ᠠ ᠪᠠᠷᠢᠯ︾᠎ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠬᠤᠶᠠᠷ ᠲᠤ ᠡᠷᠦᠭᠡ ᠳᠤ ᠬᠦᠷᠴᠦ ᠮᠥᠷᠳᠡᠨ ᠰᠣᠷᠪᠤᠯᠵᠢᠯᠠᠭ᠎ᠠ ᠬᠢᠬᠦ ᠶᠢ ᠥᠷᠨᠢᠭᠦᠯᠦᠨ ᠂ ᠳᠥᠷᠪᠡᠨ ᠵᠦᠢᠯ ᠤᠨ ᠤᠳᠠᠭᠠᠨ ᠴᠢᠨᠠᠷᠲᠠᠢ ᠡᠪᠡᠳᠴᠢᠲᠡᠨ ᠳᠤ ᠤᠯᠠᠷᠢᠯ ᠪᠦᠷᠢ ᠳᠤ ᠠᠶᠢᠯᠴᠢᠯᠠᠯᠲᠠ ᠬᠢᠵᠦ᠂ ᠡᠪᠡᠳᠴᠢᠲᠡᠨ ᠤ ᠪᠠᠶᠢᠳᠠᠯ ᠢ ᠡᠵᠡᠮᠰᠢᠨ᠂ ᠡᠮ ᠬᠡᠷᠡᠭᠯᠡᠬᠦ ᠶᠢ ᠨᠢ ᠵᠢᠯᠤᠭᠤᠳᠴᠤ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠬᠦᠨᠳᠦ ᠡᠪᠡᠳᠴᠢᠲᠡᠨ ᠪᠠ ᠬᠦᠨᠳᠦ ᠡᠪᠡᠳᠴᠢᠲᠡᠨ ᠢ ᠰᠢᠯᠢᠨ ᠪᠠᠶᠢᠴᠠᠭᠠᠵᠤ ᠂ ᠡᠪᠡᠳᠴᠢᠨ ᠤ ᠪᠠᠶᠢᠳᠠᠯ᠂ ᠡᠮ ᠤᠤᠭᠤᠭᠰᠠᠨ ᠪᠠᠶᠢᠳᠠᠯ ᠵᠡᠷᠭᠡ ᠶᠢ ᠨᠠᠷᠢᠨ ᠠᠰᠠᠭᠤᠨ ᠯᠠᠪᠯᠠᠵᠤ᠂ ︽ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠳᠠᠭᠢᠨ ᠶᠠᠳᠠᠭᠤᠷᠠᠬᠤ︾ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃          ᠳᠠᠷᠠᠭ᠎ᠠ ᠠᠯᠬᠤᠮ ᠳᠤ᠂ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠠᠰᠤᠷᠠᠯᠲᠠ ᠦᠭᠡᠢ ᠶᠠᠪᠤᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠲᠣᠭᠢᠶᠠᠯ ᠪᠤᠯᠭᠠᠵᠤ᠂ ᠡᠮ ᠡᠮᠨᠡᠯᠭᠡ ᠶᠢᠨ ᠦᠢᠯᠡᠰ ᠢ ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠳᠤ ᠨᠡᠩ ᠰᠠᠶᠢᠨ ᠦᠢᠯᠡᠴᠢᠯᠡᠭᠡ ᠬᠠᠩᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号