ᠪᠠᠶᠠᠷ ᠤᠨ ᠮᠡᠳᠡᠭᠡ︕ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠰᠢᠭᠤᠶᠢᠲᠤ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠦᠷᠲᠡᠪᠡ
ᠨᠡᠶᠢᠲᠡᠯᠡᠭᠰᠡᠨ ᠴᠠᠭ᠄
2023/11/21
        9 ᠰᠠᠷ᠎ᠠ ᠶᠢᠨ 21᠎ ᠤ ᠡᠳᠦᠷ᠂  ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠣᠷᠣᠨ ᠤ ᠠᠭᠤᠰᠤᠯᠴᠠᠯ ᠤᠨ ᠵᠠᠭᠤᠴᠢᠯᠠᠭᠤᠷ ᠤᠨ ᠲᠥᠪ ᠠᠴᠠ ᠬᠠᠮᠲᠤᠷᠠᠨ ᠡᠷᠭᠢᠯᠡᠭᠰᠡᠨ ᠰᠢᠭᠤᠶᠢᠲᠤ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠶᠡᠭᠡ ᠤᠷᠤᠯᠳᠤᠭᠠᠨ ᠠᠮᠵᠢᠯᠲᠠ ᠲᠠᠢ ᠥᠨᠳᠥᠷᠯᠡᠵᠦ᠂ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ︽ᠬᠠᠤᠯᠢ ᠴᠠᠭᠠᠵᠠ ᠶᠢ ᠠᠷᠪᠠ ᠳᠤ ᠣᠷᠣᠭᠤᠯᠬᠤ +︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ 12 ᠤᠷᠤᠯᠳᠤᠭᠠᠨ ᠳᠤ ᠣᠷᠤᠯᠴᠠᠬᠤ ᠲᠥᠷᠥᠯ ᠵᠦᠢᠯ ᠳᠤ ᠴᠣᠯᠭᠤᠷᠠᠨ ᠭᠠᠷᠴᠤ᠂ ᠬᠤᠶᠠᠳᠤᠭᠠᠷ ᠳᠡᠰ ᠤᠨ ᠱᠠᠩᠨᠠᠯ ᠣᠯᠣᠭᠰᠠᠨ ᠰᠠᠶᠢᠨ ᠬᠢᠷᠢ ᠪᠦᠲᠦᠮᠵᠢ ᠣᠯᠵᠠᠢ᠃         ︽ᠬᠠᠤᠯᠢ ᠴᠠᠭᠠᠵᠠ ᠶᠢ ᠠᠷᠪᠠ ᠪᠠᠷ ᠣᠷᠣᠭᠤᠯᠬᠤ +︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠪᠣᠯ ᠰᠢᠭᠤᠶᠢᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠰᠢᠨ᠎ᠡ ᠶᠢ ᠡᠭᠦᠳᠬᠦ ᠳᠤᠷᠠᠳᠤᠨ ᠭᠠᠷᠭᠠᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠥᠷᠥᠯ ᠲᠡᠮᠳᠡᠭ ᠪᠣᠯᠣᠨ᠎ᠠ᠂ ᠲᠡᠭᠦᠨ ᠤ ᠭᠤᠣᠯ ᠠᠭᠤᠯᠭ᠎ᠠ ᠨᠢ ᠬᠠᠤᠯᠢ ᠴᠠᠭᠠᠵᠠ ᠪᠠᠷ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠭ᠎ᠠ ᠳᠤ ᠣᠷᠣᠭᠤᠯᠬᠤ᠂ ᠨᠢᠭᠡᠴᠡ᠂ ᠠᠵᠤ ᠠᠬᠤᠶᠢᠯᠠᠯ᠂ ᠰᠤᠷᠭᠠᠭᠤᠯᠢ ᠳᠤ ᠣᠷᠣᠭᠤᠯᠬᠤ᠂ ᠰᠦᠮ᠎ᠡ ᠬᠡᠶᠢᠳ ᠲᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠰᠦᠯᠵᠢᠶ᠎ᠡ ᠣᠷᠣᠬᠤ᠂ ᠰᠦᠯᠵᠢᠶ᠎ᠡ᠂ ᠦᠵᠡᠮᠵᠢ ᠶᠢᠨ ᠣᠷᠣᠨ ᠳᠤ ᠣᠷᠣᠭᠤᠯᠬᠤ ᠵᠡᠷᠭᠡ ᠭᠡᠯᠪᠡᠷᠢ ᠮᠠᠶ᠋ᠢᠭ ᠢᠶᠠᠷ᠂ ᠰᠤᠷᠭᠠᠨ ᠬᠥᠮᠦᠵᠢᠯ᠂ ᠡᠮᠴᠢᠯᠡᠭᠡ᠂ ᠠᠵᠢᠯ ᠣᠯᠭᠤᠯᠲᠠ᠂ ᠨᠡᠶᠢᠭᠡᠮ ᠤᠨ ᠠᠪᠤᠷᠠᠨ ᠲᠤᠰᠠᠯᠠᠯᠲᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠠᠶᠤᠯ ᠦᠭᠡᠢ ᠦᠢᠯᠡᠳᠪᠦᠷᠢᠯᠡᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠢᠳᠡᠭᠡᠨ ᠡᠮ ᠤᠨ ᠠᠮᠤᠷ ᠲᠦᠪᠰᠢᠨ᠂ ᠴᠠᠭᠢᠯᠭᠠᠨ ᠴᠢᠮᠡᠭᠡ ᠬᠤᠯᠪᠤᠭ᠎ᠠ ᠶᠢᠨ ᠰᠦᠯᠵᠢᠶ᠎ᠡ ᠪᠠᠷ ᠮᠡᠬᠡᠯᠡᠬᠦ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠪᠠᠲᠤ ᠪᠠᠬᠢ ᠪᠤᠢ ᠪᠤᠯᠭᠠᠵᠤ᠂ ᠬᠡᠷᠡᠭᠵᠢᠭᠦᠯᠬᠦ ᠵᠣᠷᠢᠯᠭ᠎ᠠ ᠨᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠳᠠᠮᠵᠢᠨ᠂ ᠬᠠᠷᠢᠶᠠᠲᠤ ᠣᠷᠣᠨ ᠤ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠣᠯᠣᠨ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠬᠠᠤᠯᠢ ᠶᠢ ᠰᠠᠬᠢᠨ ᠬᠠᠤᠯᠢ ᠵᠢᠷᠤᠮᠯᠠᠬᠤ ᠶᠢ ᠠᠬᠢᠭᠤᠯᠬᠤ ᠶᠠᠪᠤᠳᠠᠯ ᠪᠣᠯᠣᠨ᠎ᠠ᠃          ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠲᠥᠷᠥᠯ ᠵᠦᠢᠯ ᠢ ᠲᠠᠨᠢᠯᠴᠠᠭᠤᠯᠤᠭᠴᠢ ︽ ᠬᠠᠤᠯᠢ ᠴᠠᠭᠠᠵᠠ ᠶᠢ ᠠᠷᠪᠠ ᠪᠠᠷ ᠣᠷᠣᠭᠤᠯᠬᠤ + ᠂ ᠬᠠᠤᠯᠢ ᠪᠠᠷ ᠵᠠᠰᠠᠬᠤ ᠬᠠᠪᠤᠷ ᠤᠨ ᠬᠡᠪ ᠰᠤᠷᠲᠠᠯ ᠲᠦᠮᠡᠨ ᠡᠷᠦᠭᠡ ᠳᠤ ᠭᠦᠷᠪᠡ︾ ᠭᠡᠬᠦ ᠭᠤᠣᠯ ᠰᠡᠳᠦᠪ ᠢᠶᠠᠷ ᠭᠤᠣᠯ ᠰᠡᠳᠦᠪ ᠪᠤᠯᠭᠠᠵᠤ᠂ ᠠᠮᠢᠳᠤᠯᠢᠭ ᠳᠦᠷᠢ ᠲᠥᠷᠬᠦ ᠪᠠᠷ ᠣᠯᠠᠨ ᠳᠤ ᠰᠢᠭᠤᠶᠢᠲᠤ ᠲᠣᠭᠤᠷᠢᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠤᠯᠠ ᠮᠥᠷ ᠢ ᠲᠠᠨᠢᠯᠴᠠᠭᠤᠯᠤᠨ᠂ ︽ ᠬᠠᠤᠯᠢ ᠴᠠᠭᠠᠵᠠ ᠶᠢ ᠠᠷᠪᠠ ᠪᠠᠷ ᠣᠷᠣᠭᠤᠯᠬᠤ +︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠠᠬᠤᠢ ᠪᠠᠶᠢᠳᠠᠯ᠂ ᠬᠡᠷᠡᠭᠵᠢᠭᠦᠯᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠣᠯᠬᠤ ᠶᠢ ᠲᠥᠪᠯᠡᠷᠡᠭᠦᠯᠦᠨ ᠢᠯᠡᠷᠡᠭᠦᠯᠵᠦ᠂ ᠬᠠᠮᠤᠭ ᠡᠴᠦᠰ ᠲᠤ ᠬᠢᠨᠠᠨ ᠦᠨᠡᠯᠡᠬᠦ ᠺᠣᠮᠢᠰ ᠤᠨ ᠰᠠᠨᠠᠯ ᠨᠢᠭᠡᠲᠡᠢ ᠵᠥᠪᠰᠢᠶᠡᠷᠡᠯ ᠢ ᠣᠯᠵᠤ᠂ ᠰᠢᠯᠢᠳᠡᠭ ᠬᠢᠷᠢ ᠪᠦᠲᠦᠮᠵᠢ ᠶᠢ ᠣᠯᠣᠭᠰᠠᠨ ᠪᠠᠶᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号