ᠰᠢᠭᠤᠶᠢᠲᠤ ᠲᠣᠭᠤᠷᠢᠭ ᠤᠨ ᠺᠦᠩ ᠹᠠᠨ ᠷᠦᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ︽ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠪᠢᠶᠠᠰ︾ ᠪᠣᠯᠪᠠ᠃
ᠨᠡᠶᠢᠲᠡᠯᠡᠭᠰᠡᠨ ᠴᠠᠭ᠄
2023/11/22
         ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠨ ᠰᠣᠩᠭᠤᠨ ᠭᠠᠷᠭᠠᠭᠰᠠᠨ ᠺᠦᠩ ᠹᠠᠨ ᠷᠦᠢ ᠠᠩᠬᠠᠳᠤᠭᠠᠷ ᠬᠤᠭᠤᠴᠠᠭᠠᠨ ᠤ︽ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠪᠢᠶᠠᠰ︾ ᠪᠣᠯᠪᠠ᠃ ᠺᠥᠩ ᠹᠠᠨ ᠷᠦᠢ᠂ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠡᠷᠬᠢᠯᠡᠭᠴᠢ᠂ ᠤᠯᠤᠰ ᠲᠥᠷᠥ ᠶᠢᠨ ᠰᠤᠷᠭᠠᠨ ᠬᠥᠮᠦᠵᠢᠯ ᠤᠨ ᠡᠷᠬᠢᠯᠡᠭᠴᠢ᠂ ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ᠂ ᠰᠢᠭᠤᠶᠢᠲᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠰᠢᠭᠤᠶᠢᠲᠤ ᠣᠷᠣᠨ ᠤ ᠠᠭᠤᠷᠬᠠᠢ ᠶᠢᠨ ᠣᠷᠣᠨ ᠤ ᠲᠤᠭ᠎ᠠ ᠹᠢᠽᠢᠺ ᠬᠢᠮᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ᠂ ᠪᠤᠭᠤᠲᠤ ᠬᠤᠲᠠ ᠶᠢᠨ ᠠᠮᠢᠳᠤ ᠪᠣᠳᠠᠰ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠬᠢᠮᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢ ᠵᠡᠷᠭᠡ ᠲᠤᠰᠢᠶᠠᠯ ᠢ ᠡᠭᠦᠷᠭᠡᠯᠡᠵᠦ ᠥᠩᠭᠡᠷᠡᠵᠡᠢ᠃
1698742687669083893.jpg
        1960 ᠣᠨ ᠠᠴᠠ 1962 ᠣᠨ ᠪᠣᠯᠲᠠᠯᠠᠬᠢ ᠭᠤᠷᠪᠠᠨ ᠵᠢᠯ ᠤᠨ ᠪᠠᠶᠢᠭᠠᠯᠢ ᠶᠢᠨ ᠭᠠᠮᠰᠢᠭ ᠤᠨ ᠬᠤᠭᠤᠴᠠᠭᠠᠨ ᠳᠤ ᠪᠦᠬᠦ ᠤᠯᠤᠰ ᠤᠨ ᠠᠷᠠᠳ ᠣᠯᠠᠨ ᠢᠳᠡᠬᠦ ᠳᠤᠲᠠᠭᠤ ᠡᠮᠦᠰᠴᠦ᠂ ᠺᠦᠩ ᠹᠠᠨ ᠷᠦᠢ ᠰᠤᠷᠤᠭᠴᠢᠳ ᠢ ᠳᠠᠭᠠᠭᠤᠯᠤᠨ ᠶᠡᠭᠡ ᠬᠡᠮᠵᠢᠶᠡᠨ ᠤ ᠬᠤᠯᠪᠣᠭᠳᠠᠯ ᠪᠦᠬᠦᠢ ᠨᠣᠮ ᠪᠢᠴᠢᠭ ᠢ ᠤᠷᠪᠠᠭᠤᠯᠤᠨ ᠦᠵᠡᠵᠦ᠂ ᠲᠡᠵᠢᠭᠡᠨ ᠦᠷᠡᠵᠢᠭᠦᠯᠬᠦ᠂ ᠲᠠᠷᠢᠬᠤ ᠮᠡᠷᠭᠡᠵᠢᠯ ᠤᠨ ᠲᠤᠷᠰᠢᠯᠭ᠎ᠠ ᠶᠢ ᠰᠤᠷᠤᠯᠴᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠷᠠᠴᠢᠯᠠᠨ ᠲᠡᠵᠢᠭᠡᠬᠦ ᠳᠤᠭᠤᠶᠢᠯᠠᠩ ᠪᠠᠶᠢᠭᠤᠯᠵᠤ᠂ ᠭᠠᠭ᠋ᠠᠢ ᠲᠡᠵᠢᠭᠡᠵᠦ᠂ ᠵᠢᠭᠠᠰᠤ ᠲᠡᠵᠢᠭᠡᠵᠦ᠂ ᠢᠳᠡᠰᠢᠨ ᠨᠣᠭᠤᠭ᠎ᠠ ᠲᠠᠷᠢᠵᠤ᠂ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠬᠠᠩᠭᠠᠬᠤ ᠳᠠᠷᠤᠯᠲᠠ ᠶᠢ ᠨᠠᠮᠳᠠᠭᠤᠯᠵᠤ᠂ ᠪᠠᠭᠰᠢ ᠰᠤᠷᠤᠭᠴᠢᠳ ᠤᠨ ᠢᠳᠡᠭᠡᠨ ᠤ ᠬᠡᠷᠡᠭᠴᠡᠭᠡ ᠶᠢ ᠪᠠᠲᠤᠯᠠᠭᠰᠠᠨ ᠪᠠᠶᠢᠨ᠎ᠠ᠃        1963 ᠣᠨ ᠳᠤ ᠤᠯᠤᠰ ᠤᠨ ᠠᠵᠤ ᠠᠬᠤᠢ ᠰᠠᠶᠢᠵᠢᠷᠠᠵᠤ᠂ ᠭᠡᠷ ᠤᠨ ᠬᠥᠮᠥᠰ ᠤᠨ ᠳᠡᠮᠵᠢᠯᠭᠡ ᠳᠣᠣᠷ᠎ᠠ᠂ ᠺᠦᠩ ᠹᠠᠨ ᠷᠦᠢ ᠲᠠᠷᠢᠶᠠᠯᠠᠩ ᠤᠨ ᠮᠡᠳᠡᠯᠭᠡ ᠪᠠᠷ ᠲᠠᠷᠢᠶᠠᠯᠠᠩ ᠤᠨ ᠱᠠᠲᠤᠨ ᠲᠠᠷᠢᠶ᠎ᠠ ᠵᠠᠰᠠᠬᠤ ᠶᠢ ᠳᠡᠮᠵᠢᠵᠦ᠂ ᠭᠡᠰᠢᠭᠦᠳ ᠲᠤ ᠰᠦᠢᠳᠬᠡᠯ ᠬᠤᠷᠢᠶᠠᠬᠤ ᠦᠭᠡᠢ ᠪᠠᠷ ᠹᠢᠽᠢᠺ ᠵᠠᠰᠠᠯ ᠬᠢᠵᠦ᠂ ᠲᠠᠷᠢᠶᠠᠴᠢᠨ ᠲᠦᠮᠡᠨ ᠤ ᠬᠦᠷᠢᠶᠡᠯᠡᠯ ᠢ ᠣᠯᠵᠠᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠦᠨᠳᠦᠰᠦᠯᠡᠨ᠂ 1977 ᠣᠨ ᠳᠤ ᠤᠯᠤᠰ ᠤᠨ ᠨᠢᠭᠡᠳᠦᠯᠲᠡᠢ ᠰᠢᠯᠭᠠᠯᠲᠠ ᠶᠢ ᠰᠡᠷᠭᠦᠭᠡᠭᠰᠡᠨ ᠳᠤ ᠺᠦᠡᠭ ᠹᠠᠨ ᠿᠦᠢ ᠬᠥᠳᠡᠭᠡ ᠳᠤᠰᠬᠤᠨ᠂ ᠨᠤᠲᠤᠭ ᠲᠠᠭᠠᠨ ᠪᠤᠴᠠᠭᠰᠠᠨ ᠰᠤᠷᠤᠭᠴᠢ ᠶᠢᠨ ᠰᠤᠷᠤᠬᠴᠢ ᠨᠥᠬᠦᠨ ᠰᠤᠷᠴᠤ ᠤᠯᠤᠰ ᠤᠨ ᠨᠢᠭᠡᠳᠦᠯᠲᠡᠢ ᠰᠢᠯᠭᠠᠯᠲᠠ ᠳᠤ ᠤᠷᠤᠯᠴᠠᠵᠤ᠂ 1979 ᠣᠨ ᠠᠴᠠ 1994 ᠣᠨ ᠪᠤᠯᠳᠠᠯ᠎ᠡ ᠲᠡᠭᠦᠨ ᠤ ᠤᠯᠠᠨ ᠰᠤᠷᠤᠭᠴᠢ ᠳᠤᠰ ᠪᠦᠷᠢ ᠴᠢᠩᠬᠤᠸᠠ ᠶᠡᠭᠡ ᠰᠤᠷᠭᠠᠭᠤᠯᠢ᠂ ᠱᠠᠩᠬᠠᠢ ᠶᠢᠨ ᠹᠦᠳᠠᠨ ᠶᠡᠭᠡ ᠰᠤᠷᠭᠠᠭᠤᠯᠢ ᠵᠡᠷᠭᠡ ᠪᠦᠬᠦ ᠤᠯᠤᠰ ᠤᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠳᠠᠨ ᠣᠷᠣᠪᠠ᠃          ᠺᠦᠩ ᠹᠠᠨ ᠷᠦᠢ ᠡᠳᠦᠷ ᠳᠣᠳᠣᠮ ᠤᠨ ᠠᠮᠢᠳᠤᠷᠠᠯ ᠳᠤ ᠡᠳᠦᠷ ᠳᠣᠳᠣᠮ ᠤᠨ ᠡᠷᠡᠭᠦᠯ ᠮᠡᠨᠳᠦ ᠶᠢᠨ ᠪᠣᠯᠪᠠᠰᠤᠷᠠᠯ ᠬᠢᠬᠦ ᠶᠢ ᠮᠠᠱᠢ ᠴᠢᠬᠤᠯᠠᠴᠢᠯᠠᠵᠤ᠂ ᠦᠷᠭᠦᠯᠵᠢ ᠭᠠᠷᠠᠭ ᠤᠨ ᠰᠡᠭᠦᠯᠴᠢ ᠶᠢᠨ ᠦᠯᠡᠳᠡᠪᠦᠷᠢ ᠡᠯ᠎ᠡ ᠵᠦᠢᠯ ᠦᠨ ᠬᠥᠳᠡᠯᠭᠡᠭᠡᠨ ᠳᠤ ᠣᠷᠣᠯᠴᠠᠵᠤ᠂ ᠫᠢᠩᠫᠠᠩ ᠪᠥᠮᠪᠦᠭᠡ ᠨᠠᠭᠠᠳᠬᠤ᠂ ᠠᠭᠤᠯᠠ ᠠᠪᠠᠷᠢᠬᠤ ᠵᠡᠷᠭᠡ ᠬᠥᠳᠡᠯᠭᠡᠭᠡᠨ ᠎ ᠨᠢ ᠪᠦᠷ ᠲᠡᠭᠦᠨ ᠤ ᠳᠤᠷ᠎ᠠ ᠰᠣᠨᠢᠷᠬᠠᠯ ᠪᠣᠯᠣᠨ᠎ᠠ᠂ ᠬᠡᠭᠡᠷ᠎ᠡ ᠭᠠᠳᠠᠨᠠᠬᠢ ᠪᠠᠶᠠᠯᠢᠭ ᠰᠠᠶᠢᠬᠠᠨ ᠬᠥᠳᠡᠯᠭᠡᠭᠡᠨ ᠨᠢ ᠡᠷᠡᠭᠦᠯ ᠮᠡᠨᠳᠦ ᠶᠢᠨ ᠬᠢᠷᠢ ᠲᠦᠪᠱᠢᠨ ᠢᠶᠠᠨ ᠳᠡᠭᠡᠭᠱᠢᠯᠡᠭᠦᠯᠵᠦ᠂ ᠬᠠᠶᠢᠷ᠎ᠠ ᠰᠡᠳᠬᠢᠯᠭᠡ ᠪᠠᠨ ᠬᠥᠮᠥᠵᠢᠭᠦᠯᠵᠦ ᠪᠠᠶᠢᠳᠠᠭ᠃ ᠺᠦᠩ ᠹᠠᠨ ᠷᠦᠢ ᠪᠠᠰᠠ ᠤᠷᠠᠨ ᠪᠢᠴᠢᠯᠭᠡ ᠳᠤ ᠮᠠᠰᠢ ᠬᠠᠶᠢᠷᠠᠲᠠᠢ᠂ ᠡᠳᠦᠷ ᠪᠦᠷᠢ ᠤᠷᠠᠨ ᠪᠢᠴᠢᠯᠭᠡ ᠶᠢᠨ ᠪᠣᠯᠪᠠᠰᠤᠷᠠᠯ ᠢᠶᠠᠨ ᠪᠠᠷᠢᠮᠲᠠᠯᠠᠳᠠᠭ᠂ ᠡᠭᠦᠨ ᠤ ᠬᠠᠮᠲᠤ ᠪᠠᠰᠠ ᠭᠡᠷ ᠤᠨ ᠬᠥᠮᠥᠰ ᠤᠷᠠᠨ ᠪᠢᠴᠢᠯᠭᠡ ᠶᠢᠨ ᠬᠢᠲᠠᠳ ᠵᠢᠷᠤᠭ ᠵᠡᠷᠭᠡ ᠳᠤ ᠭᠦᠨ ᠵᠤᠵᠠᠭᠠᠨ ᠳᠤᠷ᠎ᠠ ᠰᠣᠨᠢᠷᠬᠠᠯ ᠢ ᠨᠥᠯᠥᠭᠡᠯᠡᠵᠦ ᠪᠠᠶᠢᠨ᠎ᠠ᠃ ᠺᠦᠩ ᠹᠠᠨ ᠷᠦᠢ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠨᠡᠶᠢᠭᠡᠮ ᠲᠣᠭᠤᠷᠢᠭ ᠤᠨ ᠡᠷᠬᠢᠯᠡᠭᠰᠡᠨ ᠡᠯ᠎ᠡ ᠵᠠᠭᠤᠴᠢ ᠶᠢᠨ ᠡᠷᠡᠭᠦᠯ ᠮᠡᠨᠳᠦ ᠶᠢᠨ ᠲᠠᠶᠢᠯᠤᠮᠵᠢ ᠪᠣᠯ ᠨᠠᠩ ᠴᠤ ᠢᠳᠡᠪᠬᠢᠲᠡᠢ ᠣᠷᠤᠯᠴᠠᠯᠭ᠎ᠠ ᠪᠣᠯᠣᠨ᠎ᠠ᠂ ᠪᠠᠰᠠ ᠬᠥᠮᠥᠰ ᠢᠶᠠᠨ ᠵᠣᠬᠢᠶᠠᠨ ᠪᠠᠶᠢᠭᠤᠯᠤᠨ ᠣᠷᠣᠯᠴᠠᠭᠤᠯᠵᠤ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠲᠠᠮᠠᠬᠢ ᠲᠠᠲᠠᠵᠤ ᠠᠷᠢᠬᠢ ᠲᠠᠮᠠᠬᠢ ᠶᠢ ᠬᠢᠵᠠᠭᠠᠷᠯᠠᠨ᠂ ᠵᠦᠢ ᠵᠣᠬᠢᠰᠲᠠᠢ ᠢᠳᠡᠭᠡᠨ ᠤᠮᠳᠠᠭᠠᠨ ᠢ ᠡᠵᠡᠮᠰᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠨᠥᠯᠥᠭᠡᠯᠡᠬᠦ ᠬᠦᠴᠦᠨ ᠲᠠᠢ ᠪᠣᠯᠭᠠᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ ᠨᠠᠩ ᠣᠯᠠᠨ ᠨᠠᠰᠤᠲᠠᠶᠢᠴᠤᠳ ᠢ ᠳᠠᠶᠢᠴᠢᠯᠠᠨ ᠡᠷᠡᠭᠦᠯ ᠮᠡᠨᠳᠦ᠂ ᠡᠷᠡᠭᠦᠯ ᠮᠡᠨᠳᠦ ᠶᠢ ᠬᠥᠭᠡᠭᠡᠴᠡᠯᠳᠦᠭᠦᠯᠵᠦ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃        ᠺᠦᠩ ᠹᠠᠨ ᠷᠦᠢ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ ᠶᠢ ᠪᠠᠷᠢᠮᠲᠠᠯᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠪᠠᠶᠢᠵᠤ᠂ ᠬᠠᠷᠢᠶᠠᠲᠤ ᠣᠷᠣᠨ ᠤ ᠰᠤᠷᠤᠭᠴᠢᠳ ᠲᠤ ᠠᠮᠢᠳᠤ ᠪᠣᠳᠠᠰ᠂ ᠬᠢᠮᠢ ᠶᠢᠨ ᠮᠡᠳᠡᠯᠭᠡ ᠶᠢ ᠦᠨ᠎ᠡ ᠲᠥᠯᠥᠪᠦᠷᠢ ᠦᠭᠡᠢ ᠪᠠᠷ ᠲᠠᠶᠢᠯᠪᠤᠷᠢᠯᠠᠨ ᠥᠭᠴᠦ ᠥᠭᠴᠡᠢ︔ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠭᠤᠶᠢᠲᠤ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠠᠵᠢᠯᠯᠠᠭ᠎ᠠ ᠳᠤ ᠣᠷᠣᠯᠴᠠᠵᠤ᠂ ᠰᠠᠭᠤᠭᠠᠯᠢ ᠠᠷᠠᠳ ᠲᠤ ᠰᠢᠨ᠎ᠡ ᠲᠢᠲᠢᠮᠯᠢᠭ ᠸᠢᠷᠦ᠋ᠰ ᠢ ᠰᠡᠷᠭᠡᠶᠢᠯᠡᠬᠦ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠲᠡᠷᠡ ᠡᠷᠬᠢᠮ ᠳᠡᠭᠡᠳᠦ ᠠᠵᠢᠯ ᠮᠡᠷᠭᠡᠵᠢᠯ ᠤᠨ ᠬᠦᠰᠡᠯᠡᠩ ᠢ ᠬᠥᠭᠡᠭᠡᠴᠡᠯᠳᠦᠵᠦ᠂ ᠨᠠᠷᠢᠨ ᠬᠢᠨᠠᠮᠠᠭᠠᠢ ᠬᠠᠷᠢᠭᠤᠴᠠᠬᠤ ᠠᠵᠢᠯ ᠮᠡᠷᠭᠡᠵᠢᠯ ᠤᠨ ᠣᠪᠣᠷ ᠢ ᠪᠠᠷᠢᠮᠲᠠᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠦᠨ ᠪᠦᠲᠦᠭᠡᠵᠦ᠂ ᠤᠯᠤᠰ ᠪᠠ ᠨᠡᠶᠢᠭᠡᠮ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号