ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶᠠᠲᠤ ᠣᠷᠣᠨ ᠤ ᠠᠵᠤ ᠠᠬᠤᠶᠢᠯᠠᠯ ᠳᠤ ᠰᠦᠷᠳᠡᠭᠦᠯᠦᠯ ᠢ ᠡᠰᠡᠷᠭᠦᠴᠡᠵᠦ ᠲᠣᠭᠲᠠᠭᠤᠨ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2023/11/22
         ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠵᠣᠬᠢᠶᠠᠨ ᠪᠠᠶᠢᠭᠤᠯᠤᠯᠲᠠ ᠪᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠨ‌‍ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠱᠢᠯᠡᠭᠦᠯᠵᠦ᠂ ᠠᠮᠢ ᠨᠠᠰᠤ ᠡᠳ᠋ ᠬᠥᠷᠥᠩᠭᠡ ᠶᠢᠨ ᠠᠮᠤᠷ  ᠲᠦᠪᠰᠢᠨ ᠤ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠠ ᠬᠤᠸᠠ ᠪᠦᠯᠦᠭᠯᠡᠯ ᠤᠨ ᠥᠪᠥᠷ ᠮᠣᠩᠭᠤᠯ ᠤᠨ ᠺᠧ ᠳ᠋ᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ ᠰᠦᠷᠳᠡᠭᠦᠯᠦᠯ ᠢ ᠡᠰᠡᠷᠭᠦᠴᠡᠬᠦ ᠲᠣᠭᠲᠠᠭᠤᠨ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠣᠷᠣᠯᠴᠠᠪᠠ᠃
        ᠲᠣᠰ ᠤᠳᠠᠭᠠᠨ ᠤ ᠰᠣᠷᠢᠯᠲᠠ ᠳᠤ᠂ ᠪᠡᠳᠬᠡᠷ ᠵᠤᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠰᠦᠷᠳᠡᠭᠦᠯᠦᠯ ᠢ ᠡᠰᠡᠷᠭᠦᠴᠡᠵᠦ ᠲᠣᠭᠲᠠᠭᠤᠨ ᠪᠠᠶᠢᠳᠠᠯ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠦᠨᠳᠦᠰᠦᠯᠡᠨ᠂ ᠲᠥᠪᠯᠡᠷᠡᠭᠦᠯᠦᠨ ᠰᠣᠷᠢᠯᠲᠠ ᠬᠢᠬᠦ᠂ ᠲᠠᠯᠠᠪᠤᠷ ᠪᠠᠶᠢᠭᠤᠯᠬᠤ ᠪᠠᠷ ᠳᠠᠮᠵᠢᠭᠤᠯᠤᠨ᠂ ᠡᠮᠴᠢ ᠰᠤᠪᠢᠯᠠᠭᠴᠢ ᠶᠢᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠪᠡ᠃ ᠰᠣᠷᠢᠯᠲᠠ ᠨᠢ ᠭᠤᠷᠪᠠᠨ ᠬᠡᠰᠡᠭ ᠬᠤᠪᠢᠶᠠᠨ᠎ᠠ᠄ ᠰᠣᠷᠢᠯᠲᠠ ᠶᠢᠨ ᠲᠠᠯ᠎ᠠ ᠶᠢᠨ ᠠᠩᠭᠢ ᠴᠤᠭᠯᠠᠷᠠᠬᠤ᠂ ᠰᠦᠷᠳᠡᠭᠦᠯᠦᠯ ᠢ ᠡᠰᠡᠷᠭᠦᠴᠡᠬᠦ ᠰᠣᠷᠢᠯᠲᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠵᠡᠷᠭᠡ ᠪᠣᠯᠣᠨ᠎ᠠ᠃ ᠰᠣᠷᠢᠯᠲᠠ ᠶᠢᠨ ᠶᠠᠪᠤᠴᠠ ᠳᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠴᠢᠩᠭ᠎ᠠ ᠨᠢᠮᠪᠠᠢ ᠡᠮᠬᠢ ᠵᠢᠷᠤᠮ ᠲᠠᠢ ᠪᠠᠶᠢᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠢ ᠲᠦᠷᠭᠡᠨ ᠪᠥᠭᠡᠳ ᠪᠦᠲᠦᠮᠵᠢᠲᠡᠶ ᠪᠠᠷ ᠠᠷᠭᠠᠴᠠᠵᠤ᠂ ᠰᠣᠷᠢᠯᠲᠠ ᠳᠤ ᠣᠷᠣᠯᠴᠠᠭᠰᠠᠳ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ᠂ ᠴᠢᠩᠭ᠎ᠠ ᠲᠣᠳᠣᠷᠬᠠᠢ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠ ᠲᠦᠷᠭᠡᠨ ᠠᠪᠤᠷᠠᠬᠤ ᠬᠢᠷᠢ ᠬᠡᠮᠵᠢᠶ᠎ᠡ ᠶᠢ ᠳᠡᠯᠭᠡᠨ ᠦᠵᠡᠭᠦᠯᠵᠡᠢ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号