【ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ ︽ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠡᠯᠭᠡᠯᠡᠶ᠎ᠡ︾
ᠨᠡᠶᠢᠲᠡᠯᠡᠭᠰᠡᠨ ᠴᠠᠭ᠄
2023/11/23
        ᠨᠠᠮᠤᠷ ᠤᠨ ᠠᠭᠤᠷ ᠥᠳᠬᠡᠨ᠂ ᠨᠠᠢᠮᠠᠨ ᠰᠠᠷ᠎ᠠ ᠶᠢᠨ ᠲᠡᠷᠭᠡᠯ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠬᠤ ᠶᠢᠨ ᠲᠥᠯᠥᠭᠡ᠂ ᠵᠡᠮᠳᠡᠭᠴᠦᠳ ᠨᠢᠭᠡᠪᠦᠷᠢ ᠴᠥᠮ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠵᠦ᠂ ᠵᠡᠮᠳᠡᠭᠴᠦᠳ ᠤᠨ ᠪᠠᠶᠠᠷ ᠭᠦᠷ ᠲᠠᠢ ᠤᠯᠠᠮᠵᠢᠯᠠᠯᠲᠤ ᠪᠠᠶᠠᠷ ᠤᠨ ᠡᠳᠦᠷ ᠢ ᠥᠩᠭᠡᠷᠡᠭᠡᠬᠦ ᠶᠢ ᠪᠠᠲᠤᠯᠠᠬᠤ ᠶᠢᠨ ᠲᠥᠯᠥᠭᠡ ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠵᠡᠮᠳᠡᠭᠴᠦᠳ ᠢ ᠬᠠᠯᠠᠮᠵᠢᠯᠠᠬᠤ ᠰᠢᠷᠢᠰ ᠠᠵᠢᠯᠯᠠᠭ᠎ᠠ ᠥᠷᠨᠢᠭᠦᠯᠵᠦ᠂ ᠵᠡᠮᠳᠡᠭ ᠨᠠᠶᠢᠵᠠ ᠨᠠᠷ ᠲᠤ ᠰᠠᠶᠢᠨ ᠰᠠᠶᠢᠬᠠᠨ ᠢᠷᠦᠭᠡᠯ ᠵᠥᠩᠨᠡᠯ ᠳᠡᠪᠰᠢᠭᠦᠯᠵᠦ᠂ ᠬᠠᠯᠠᠭᠤᠨ ᠳᠣᠲᠣᠨᠣ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ 
1695467614505059706.png
        ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠠᠷᠢᠶ᠎ᠠ ᠲᠣᠭᠤᠷᠢᠭ ᠲᠤ ᠰᠠᠭᠤᠵᠤ ᠪᠠᠶᠢᠭ᠎ᠠ ᠵᠡᠮᠳᠡᠭᠴᠦᠳ ᠪᠠ ᠵᠡᠮᠳᠡᠭᠴᠦᠳ ᠤᠨ ᠭᠡᠷ ᠪᠦᠯᠢ ᠶᠢᠨ ᠬᠢᠨ ᠨᠢᠭᠡ ᠲᠠᠩᠬᠢᠮ ᠳᠤ ᠴᠤᠭᠯᠠᠷᠠᠵᠤ᠂ ᠵᠡᠮᠳᠡᠭᠴᠦᠳ ᠤᠨ ᠬᠤᠯᠪᠤᠭ᠎ᠠ ᠶᠢᠨ ᠺᠠᠲᠷᠴᠤᠳ ᠤᠨ ᠳᠠᠭᠠᠭᠤᠯᠭ᠎ᠠ ᠳᠣᠣᠷ᠎ᠠ᠂ ᠣᠯᠠᠨ ᠢᠶᠠᠷ ᠢᠶᠠᠨ ᠨᠠᠮᠤᠷ ᠤᠨ ᠬᠤᠭᠤᠰ ᠤᠨ ᠤᠯᠠᠮᠵᠢᠯᠠᠯᠲᠤ ᠰᠣᠶᠣᠯ ᠤᠨ ᠮᠡᠳᠡᠯᠭᠡ ᠶᠢ ᠰᠤᠷᠤᠯᠴᠠᠵᠤ᠂ ᠬᠠᠮᠲᠤᠪᠠᠷ ᠨᠠᠮᠤᠷ ᠤᠨ ᠲᠡᠷᠭᠡᠯ ᠰᠠᠷᠠᠨ ᠤ ᠪᠠᠶᠠᠷ ᠢ ᠬᠠᠮᠲᠤᠪᠠᠷ ᠪᠦᠲᠦᠭᠡᠵᠦ᠂ ᠣᠯᠠᠨ ᠢᠶᠠᠷ ᠢᠶᠠᠨ ᠪᠠᠶᠠᠷ ᠭᠦᠷ ᠲᠠᠢ ᠪᠠᠷ ᠢᠨᠢᠶᠡᠯᠳᠦᠨ ᠬᠥᠭᠡᠷᠦᠯᠳᠦᠵᠦ᠂ ᠳᠠᠭᠤᠤ ᠳᠠᠭᠤᠯᠠᠵᠤ ᠪᠥᠵᠢᠭᠯᠡᠨ᠂ ᠭᠡᠷ ᠤᠨ ᠬᠥᠮᠥᠰ ᠲᠠᠢ ᠪᠠᠨ ᠬᠠᠮᠲᠤᠪᠠᠷ ᠨᠠᠮᠤᠷ ᠤᠨ ᠬᠤᠭᠤᠰ ᠤᠨ ᠪᠠᠶᠠᠷ ᠢᠶᠠᠷ ᠬᠦᠷᠴᠦ ᠢᠷᠡᠭᠰᠡᠨ ᠢ ᠪᠠᠶᠠᠷᠯᠠᠨ ᠪᠡᠯᠭᠡᠯᠡᠳᠡᠭ᠃ ᠡᠭᠦᠨ ᠢᠶᠠᠷ ᠪᠠᠷᠠᠬᠤ ᠦᠭᠡᠢ ᠲᠤᠬᠠᠢ ᠶᠢᠨ ᠲᠠᠯᠠᠪᠤᠷ ᠲᠤ ᠣᠯᠠᠨ ᠢᠶᠠᠷ ᠢᠶᠠᠨ ᠭᠠᠷ ᠤᠨ ᠠᠶ᠎ᠠ ᠪᠠᠷ ᠪᠤᠭᠤᠷᠰᠤᠭ ᠬᠢᠵᠦ᠂ ᠭᠡᠷ ᠬᠤᠲᠠᠯᠠᠭᠠᠷ ᠢᠶᠠᠨ ᠴᠤᠭᠯᠠᠷᠠᠨ᠂ ᠪᠠᠶᠠᠷ ᠭᠦᠷ ᠲᠠᠢ ᠪᠠᠷ ᠰᠢᠨᠡᠯᠡᠵᠡᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号