【 ᠪᠡᠳᠬᠡᠷ ᠵᠤᠤ ᠪᠠᠯᠭᠠᠰᠤᠨ ᠤ ᠵᠡᠮᠳᠡᠭᠴᠦᠳ  ᠤᠨ ᠬᠤᠯᠪᠣᠭ᠎ᠠ】ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/26
        9 ᠰᠠᠷ᠎ᠠ ᠶᠢᠨ 14᠎ ᠤ ᠡᠳᠦᠷ᠂ ᠵᠡᠮᠳᠡᠭᠴᠦᠳ ᠤᠨ ᠭᠠᠵᠢᠭᠤ ᠨᠣᠮᠯᠠᠯ ᠤᠨ ᠨᠡᠷᠪᠡᠯᠲᠡ ᠶᠢ ᠰᠡᠷᠭᠡᠶᠢᠯᠡᠬᠦ ᠪᠠ ᠬᠤᠷᠢᠭᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠡᠯ᠎ᠡ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠲᠠᠢ ᠭᠠᠵᠢᠭᠤ ᠨᠣᠮᠯᠠᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃        ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠤᠨ ᠭᠠᠵᠢᠭᠤ ᠨᠣᠮᠯᠠᠯ ᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠵᠢᠭᠤ ᠨᠣᠮᠯᠠᠯ ᠤᠨ ᠬᠥᠮᠥᠨ ᠲᠥᠷᠥᠯᠬᠢᠲᠡᠨ ᠢ ᠡᠰᠡᠷᠭᠦᠴᠡᠬᠦ᠂ ᠰᠢᠨᠵᠢᠯᠡᠬᠦ ᠤᠬᠠᠭᠠᠨ ᠢ ᠡᠰᠡᠷᠭᠦᠴᠡᠬᠦ᠂ ᠨᠡᠶᠢᠭᠡᠮ ᠢ ᠡᠰᠡᠷᠭᠦᠴᠡᠬᠦ ᠭᠠᠵᠢᠭᠤ ᠨᠣᠮᠯᠠᠯ ᠤᠨ ᠮᠥᠨ ᠴᠢᠨᠠᠷ ᠢ ᠲᠣᠳᠣᠷᠬᠠᠢ ᠲᠠᠨᠢᠵᠤ᠂ ᠰᠢᠨᠵᠢᠯᠡᠬᠦ ᠤᠬᠠᠭᠠᠨ ᠢ ᠡᠷᠬᠢᠮᠯᠡᠨ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃        ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠠᠬᠢᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠤᠨ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠦᠨᠡᠨ ᠬᠦ ᠬᠠᠮᠠᠭᠠᠯᠠᠨ᠎ᠠ᠃
1695363263924041762.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号