ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 2023 ᠣᠨ ᠤ ᠳᠡᠯᠡᠬᠡᠢ ᠶᠢᠨ ᠡᠪᠡᠳᠴᠢᠲᠡᠨ ᠤ ᠠᠮᠤᠷ ᠲᠦᠪᠰᠢᠨ ᠤ ᠡᠳᠦᠷ ᠤᠨ ᠲᠤᠬᠠᠢ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/27
        2023 ᠣᠨ ᠤ 9 ᠰᠠᠷ᠎ᠠ ᠶᠢᠨ 17᠎ ᠤ ᠡᠳᠦᠷ ᠪᠣᠯ ᠲᠠᠪᠤᠳᠤᠭᠠᠷ ᠬᠤᠭᠤᠴᠠᠭᠠᠨ ᠤ ᠳᠡᠯᠡᠬᠡᠢ ᠶᠢᠨ ᠡᠪᠡᠳᠴᠢᠲᠡᠨ ᠤ ᠠᠮᠤᠷ ᠲᠦᠪᠰᠢᠨ ᠤ ᠡᠳᠦᠷ ᠮᠥᠨ᠂ ᠡᠪᠡᠳᠴᠢᠲᠡᠨ ᠤ ᠥᠪᠡᠷ ᠢ ᠪᠠᠨ ᠰᠤᠪᠢᠯᠠᠬᠤ ᠤᠬᠠᠮᠰᠠᠷ ᠢ ᠴᠢᠩᠭᠠᠳᠬᠠᠵᠤ᠂ ᠡᠪᠡᠳᠴᠢᠲᠡᠨ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠥᠪᠡᠷ ᠤᠨ ᠪᠡᠶ᠎ᠡ ᠶᠢᠨ ᠰᠤᠪᠢᠯᠠᠯᠲᠠ ᠳᠤ ᠣᠷᠣᠯᠴᠠᠭᠤᠯᠬᠤ ᠬᠡᠷᠡᠭᠲᠡᠢ᠃  ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︽ᠡᠪᠡᠳᠴᠢᠲᠡᠨ ᠤ ᠡᠪᠡᠳᠴᠢᠲᠡᠨ ᠤ ᠠᠮᠤᠷ ᠲᠦᠪᠱᠢᠨ ᠳᠤ ᠣᠷᠣᠯᠴᠠᠬᠤ ᠶᠢ ᠵᠣᠷᠢᠭᠵᠢᠭᠤᠯᠬᠤ︾ ᠎ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1694144077310025560.jpg
        ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠡᠪᠡᠳᠴᠢᠲᠡᠨ ᠢᠶᠠᠷ ᠭᠤᠣᠯ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠦᠬᠦ ᠲᠠᠯ᠎ᠠ ᠶᠢᠨ ᠰᠤᠪᠢᠯᠠᠯᠲᠠ ᠶᠢᠨ ᠮᠡᠳᠡᠯᠭᠡ ᠶᠢ ᠲᠠᠶᠢᠯᠪᠤᠷᠢᠯᠠᠵᠤ᠂ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠡᠮᠴᠢᠯᠡᠭᠡ ᠬᠢᠵᠦ᠂ ᠰᠫᠢᠷᠲ᠂ ᠵᠢᠵᠢᠭ ᠰᠠᠨᠳᠠᠯᠢ ᠵᠢᠴᠢ ᠠᠷᠢᠭᠤᠨ ᠴᠡᠪᠡᠷ ᠤᠨ ᠬᠡᠷᠡᠭᠰᠡᠯ ᠵᠡᠷᠭᠡ ᠲᠣᠬᠤᠨᠢᠭᠤᠯᠬᠤ ᠪᠣᠳᠠᠰ ᠢ ᠲᠠᠷᠬᠠᠭᠠᠪᠠ᠃        ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠪᠡᠳᠴᠢᠲᠡᠨ᠂ ᠭᠡᠷ ᠪᠦᠯᠢ ᠪᠠ ᠬᠠᠷᠠᠭᠠᠯᠵᠠᠨ ᠠᠰᠠᠷᠠᠬᠤ ᠬᠥᠮᠥᠰ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠡᠪᠡᠳᠴᠢᠲᠡᠨ ᠤ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠪᠡ᠃ ᠬᠤᠶᠢᠰᠢᠳᠠ᠂ ᠪᠡᠳᠭᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠪᠡᠳᠴᠢᠲᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ᠂ ᠠᠮᠤᠷ ᠠᠮᠤᠭᠤᠯᠠᠩ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号