ᠠᠵᠢᠯ ᠠᠴᠠ ᠠᠮᠠᠷᠠᠭᠰᠠᠨ ᠠᠬᠠᠮᠠᠳ ᠠᠵᠢᠯᠲᠠᠳ ᠲᠠᠢ ᠰᠡᠳᠬᠢᠯ ᠵᠢᠷᠦᠬᠡ ᠪᠠᠨ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/29
        ᠳᠤᠮᠳᠠᠳᠤ ᠶᠢᠨ ᠦᠨᠳᠦᠰᠦᠲᠡᠨ ᠤ ᠲᠥᠷᠥᠯ ᠰᠠᠳᠤᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠡᠶᠢᠭᠡᠮ ᠎ ᠤᠨ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠠᠮ ᠤᠨ ᠭᠡᠱᠢᠭᠦᠨ᠂ ᠰᠠᠶᠢᠨ ᠳᠤᠷ᠎ᠠ ᠶᠢᠨ ᠬᠥᠮᠥᠰ ᠢᠶᠠᠨ ᠵᠣᠬᠢᠶᠠᠨ ᠪᠠᠶᠢᠭᠤᠯᠵᠤ᠂ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠳ ᠤᠨ ᠭᠡᠷ ᠲᠤ ᠭᠦᠨᠵᠡᠭᠡᠶᠢᠷᠡᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠳ ᠢ ᠬᠠᠯᠠᠮᠵᠢᠯᠠᠨ ᠬᠠᠶᠢᠷᠠᠯᠠᠬᠤ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠪᠠ᠃
1701227726165000183.jpg
        ᠨᠢᠭᠡ ᠡᠷᠦᠬᠡ ᠳᠤ ᠬᠦᠷᠬᠦ ᠪᠦᠷᠢ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠴᠥᠮ ᠠᠵᠢᠯ ᠠᠴᠠ ᠪᠠᠨ ᠠᠮᠠᠷᠠᠭᠰᠠᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ᠂ ᠣᠷᠣᠨ ᠰᠠᠭᠤᠴᠠ ᠵᠢᠴᠢ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠬᠦᠰᠡᠯ ᠡᠷᠡᠮᠡᠯᠵᠡᠯ ᠢ ᠰᠣᠨᠣᠰᠴᠤ᠂ ᠲᠡᠳᠡᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠳᠡᠨ ᠢ ︽ᠠᠵᠢᠯ ᠤᠨ ᠪᠠᠶᠢᠷᠢ ᠠᠴᠠ ᠪᠠᠨ ᠰᠠᠯᠬᠤ ᠦᠭᠡᠢ᠂ ᠠᠵᠢᠯ ᠠᠴᠠ ᠪᠠᠨ ᠠᠮᠠᠷᠠᠬᠤ ᠳᠤ ᠥᠩᠭᠡ ᠤᠨᠠᠬᠤ ᠦᠭᠡᠢ︾ ᠪᠠᠶᠢᠬᠤ ᠶᠢ ᠵᠣᠷᠢᠭᠵᠢᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠬᠤ ᠶᠢ ᠵᠣᠷᠢᠭᠵᠢᠭᠤᠯᠪᠠ᠃
1701227733543049716.jpg
        ᠠᠯᠢ ᠤᠯᠠᠨ ᠬᠠᠯᠠᠮᠵᠢᠯᠠᠯ ᠨᠢ ᠨᠠᠮ ᠤᠨ ᠬᠠᠶᠢᠷ᠎ᠠ ᠬᠠᠯᠠᠮᠵᠢ ᠠᠴᠠ ᠢᠷᠡᠭᠰᠡᠨ ᠬᠠᠯᠠᠭᠤᠨ ᠳᠤᠯᠠᠭᠠᠨ ᠤᠷᠤᠰᠬᠠᠯ ᠪᠣᠯᠪᠠ ᠭᠡᠵᠦ ᠨᠢᠭᠡᠳ ᠨᠢᠭᠡ ᠪᠠᠷ ᠵᠠᠬᠢᠪᠠ᠃ ᠲᠣᠰ ᠤᠳᠠᠭᠠᠨ ᠤ ᠲᠣᠬᠤᠨᠢᠭᠤᠯᠤᠯ ᠨᠢ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠡᠳᠡᠨ ᠤ ᠳᠣᠲᠣᠨᠣ ᠬᠠᠯᠠᠮᠵᠢᠯᠠᠯ ᠢ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠦᠨᠡᠨ ᠬᠦ ᠴᠢᠩᠭᠠᠳᠬᠠᠵᠤ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号