ᠨᠠᠰᠤᠲᠠᠨ ᠢ ᠠᠰᠠᠷᠠᠬᠤ ᠬᠦᠷᠢᠶᠡᠯᠡᠩ ᠤᠨ ᠰᠠᠶᠢᠨ ᠳᠤᠷ᠎ᠠ ᠶᠢᠨ ᠡᠮᠴᠢᠯᠡᠭᠡ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/29
        ᠨᠠᠰᠤᠲᠠᠨ ᠢ ᠬᠦᠨᠳᠦᠯᠡᠬᠦ᠂ ᠨᠠᠰᠤᠲᠠᠨ ᠢ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠨᠠᠰᠤᠲᠠᠶᠢᠴᠤᠳ ᠤᠨ ᠡᠮ ᠡᠮᠨᠡᠯᠭᠡ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮᠵᠢᠯ ᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠱᠧᠦ ᠺᠠᠩ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂︽ᠨᠠᠰᠤᠲᠠᠨ ᠢ ᠠᠰᠠᠷᠠᠬᠤ ᠭᠠᠵᠠᠷ ᠤᠨ ᠠᠯᠪᠠᠨ ᠵᠢᠷᠤᠮ ᠤᠨ ᠡᠮᠴᠢᠯᠡᠭᠡ ᠨᠢ ᠬᠥᠮᠥᠨ ᠤ ᠰᠡᠳᠬᠢᠯ ᠢ ᠳᠤᠯᠠᠭᠠᠴᠠᠭ ᠣᠯᠬᠤ︾ ᠠᠵᠢᠯᠯᠠᠭ᠎ᠠ ᠥᠷᠨᠢᠭᠦᠯᠪᠡ᠃
        ᠠᠯᠪᠠᠨ ᠵᠢᠷᠤᠮ ᠤᠨ ᠡᠮᠴᠢᠯᠡᠭᠡᠨ ᠤ ᠲᠤᠬᠠᠢ ᠶᠢᠨ ᠲᠠᠯᠠᠪᠠᠶ ᠳᠤ᠂ ᠡᠮᠨᠡᠯᠭᠡ ᠶᠢᠨ ᠠᠵᠢᠯᠲᠠᠳ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ ᠴᠠᠬᠢᠯᠭᠠᠨ ᠤ ᠵᠢᠷᠤᠭ ᠤᠨ ᠬᠡᠮᠵᠢᠯᠲᠡ ᠬᠢᠵᠦ᠂ ᠪᠠᠰᠠ ᠬᠢᠲᠠᠳ ᠡᠮᠨᠡᠯᠭᠡ ᠶᠢᠨ ᠡᠮᠴᠢᠯᠡᠭᠡᠨ ᠤ ᠰᠤᠳᠠᠯ᠂ TCD ᠪᠠᠶᠢᠴᠠᠭᠠᠯᠲᠠ ᠵᠡᠷᠭᠡ ᠲᠥᠷᠥᠯ ᠵᠦᠢᠯ ᠢ ᠬᠠᠩᠭᠠᠵᠤ᠂ ᠡᠪᠡᠳᠴᠢᠨ ᠤ ᠲᠡᠦᠬᠡ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠡᠪᠡᠳᠴᠢᠨ ᠤ ᠪᠠᠶᠢᠳᠠᠯ ᠢ ᠣᠶᠢᠯᠠᠭᠠᠨ᠂ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠳᠠᠯ ᠵᠢᠴᠢ ᠠᠩᠬᠠᠷᠬᠤ ᠵᠦᠢᠯᠡᠰ ᠢ ᠬᠢᠨᠠᠮᠠᠭᠠᠢ ᠬᠠᠷᠢᠭᠤᠯᠵᠤ᠂ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠲᠤ ᠴᠢᠭᠯᠡᠭᠦᠯᠦᠨ ᠡᠮ ᠬᠡᠷᠡᠭᠯᠡᠬᠦ ᠮᠡᠳᠡᠯᠭᠡ ᠶᠢ ᠬᠠᠨᠳᠤᠯᠭᠠᠲᠤ ᠴᠢᠨᠠᠷᠲᠠᠢ ᠪᠠᠷ ᠵᠢᠭᠠᠨ ᠵᠢᠯᠤᠭᠤᠳᠴᠤ᠂ ᠨᠠᠰᠤᠲᠠᠶᠢᠴᠤᠳ ᠲᠤ ᠵᠦᠢ ᠵᠣᠬᠢᠰᠲᠠᠢ ᠬᠤᠭᠤᠯᠠ ᠢᠳᠡᠵᠦ᠂ ᠵᠣᠬᠢᠰᠲᠠᠢ ᠬᠥᠳᠡᠯᠭᠡᠭᠡᠨ ᠬᠢᠵᠦ᠂ ᠰᠢᠨᠵᠢᠯᠡᠬᠦ ᠤᠬᠠᠭᠠᠨᠴᠢ ᠪᠠᠷ ᠡᠷᠡᠭᠦᠯ ᠮᠡᠨᠳᠦ ᠶᠢ ᠬᠠᠮᠠᠭᠠᠯᠠᠵᠤ᠂ ᠰᠠᠶᠢᠨ ᠰᠠᠶᠢᠬᠠᠨ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠬᠤ ᠬᠡᠷᠡᠭᠲᠡᠢ ᠭᠡᠵᠦ ᠵᠠᠬᠢᠪᠠ᠃        ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠡᠮᠴᠢᠯᠡᠭᠡᠨ ᠤ ᠦᠢᠯᠡᠴᠢᠯᠡᠭᠡ ᠬᠦᠷᠭᠡᠭᠰᠡᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠴᠢᠩᠭᠠᠷᠠᠭᠤᠯᠵᠤ᠂ ᠲᠡᠳᠡᠨ ᠢ ᠭᠡᠷ ᠠᠴᠠ ᠪᠠᠨ ᠭᠠᠷᠬᠤ ᠦᠭᠡᠢ ᠪᠠᠷ ᠡᠮ ᠡᠮᠨᠡᠯᠭᠡ ᠡᠷᠡᠭᠦᠯᠵᠢᠯ ᠤᠨ ᠦᠢᠯᠡᠴᠢᠯᠡᠭᠡ ᠬᠦᠷᠲᠡᠭᠡᠵᠦ᠂ ᠠᠯᠪᠠᠨ ᠵᠢᠷᠤᠮ ᠤᠨ ᠡᠮᠴᠢᠯᠡᠭᠡ ᠠᠴᠠ ᠪᠣᠯᠤᠭᠰᠠᠨ ᠬᠠᠶᠢᠷ᠎ᠠ ᠬᠠᠯᠠᠮᠵᠢ ᠪᠠ ᠳᠣᠲᠣᠨᠣ ᠦᠢᠯᠡᠴᠢᠯᠡᠭᠡ ᠶᠢ ᠦᠨᠡᠨ ᠬᠦ ᠮᠡᠳᠡᠷᠡᠭᠦᠯᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号