ᠥᠪᠡᠷᠲᠡᠭᠡᠨ ᠵᠠᠰᠠᠬᠤ ᠣᠷᠣᠨ ᠤ ᠡᠷᠡᠭᠦᠯ ᠡᠩᠬᠡ ᠰᠢᠶᠠᠨ ᠲᠣᠭᠤᠷᠢᠭ ᠤᠨ ᠦᠨᠡᠯᠡᠨ ᠵᠢᠱᠢᠬᠦ ᠳᠤᠭᠤᠶᠢᠯᠠᠩ ᠰᠢᠭᠤᠶᠢᠲᠤ ᠲᠣᠭᠤᠷᠢᠭ ᠲᠤ ᠬᠦᠷᠴᠦ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠡᠩᠬᠡ ᠰᠢᠶᠠᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/11/29
        11 ᠰᠠᠷ᠎ᠠ ᠶᠢᠨ 27᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠤᠨ ᠲᠥᠪ ᠤᠨ ᠡᠷᠡᠭᠦᠯ ᠮᠡᠨᠳᠦ ᠶᠢᠨ ᠬᠥᠮᠦᠵᠢᠯ ᠤᠨ ᠰᠠᠯᠠᠭᠠᠨ ᠤ ᠡᠷᠬᠢᠯᠡᠭᠴᠢ ᠯᠢ ᠾᠦᠢ ᠰᠢᠯᠭᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠰᠢᠭᠤᠶᠢᠲᠤ ᠣᠷᠣᠨ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠮᠡᠨᠳᠦ ᠶᠢᠨ ᠰᠢᠶᠠᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠦᠨᠡᠯᠡᠨ ᠵᠢᠱᠢᠵᠦ ᠪᠠᠶᠢᠴᠠᠭᠠᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠷᠬᠢᠯᠡᠭᠴᠢ ᠯᠢ ᠰᠢᠶᠣᠣ ᠶᠤᠸᠠᠨ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠥᠩ ᠬᠠᠢ ᠵᠢᠶᠦ᠋ᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠬᠤ ᠠᠵᠢᠯ ᠳᠤ ᠣᠷᠣᠯᠴᠠᠵᠠᠢ᠃
1701237985463061200.jpg
        ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ︽ᠡᠷᠡᠭᠦᠯ ᠮᠡᠨᠳᠦ ᠰᠢᠶᠠᠨ ᠲᠣᠭᠤᠷᠢᠭ ᠢ ᠦᠨᠡᠯᠡᠨ ᠵᠢᠱᠢᠬᠦ ᠨᠠᠷᠢᠨ ᠳᠦᠷᠢᠮ︾᠎ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠤᠭᠤᠶᠢᠯᠠᠩ ᠬᠤᠪᠢᠶᠠᠨ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠶᠢᠨ ᠬᠠᠮᠲᠤ ᠡᠷᠡᠭᠦᠯ ᠮᠡᠨᠳᠦ ᠶᠢᠨ ᠠᠵᠤ ᠠᠬᠤᠶᠢᠯᠠᠯ᠂ ᠡᠷᠡᠭᠦᠯ ᠮᠡᠨᠳᠦ ᠶᠢᠨ ᠪᠠᠶᠢᠭᠤᠯᠭ᠎ᠠ᠂ ᠡᠷᠡᠭᠦᠯ ᠮᠡᠨᠳᠦ ᠶᠢᠨ ᠰᠤᠷᠭᠠᠭᠤᠯᠢ᠂ ᠡᠷᠡᠭᠦᠯ ᠮᠡᠨᠳᠦ ᠶᠢᠨ ᠨᠡᠶᠢᠭᠡᠮ ᠲᠣᠭᠤᠷᠢᠭ᠂ ᠡᠷᠡᠭᠦᠯ ᠮᠡᠨᠳᠦ ᠶᠢᠨ ᠡᠮᠨᠡᠯᠭᠡ ᠶᠢᠨ ᠬᠤᠷᠢᠶ᠎ᠠ ᠵᠡᠷᠭᠡ ᠡᠷᠡᠭᠦᠯ ᠮᠡᠨᠳᠦ ᠶᠢ ᠠᠬᠢᠭᠤᠯᠬᠤ ᠲᠠᠯᠠᠪᠤᠷ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠤᠨ ᠦᠨᠡᠯᠡᠨ ᠵᠢᠱᠢᠯᠲᠡ ᠬᠢᠪᠡ᠃ ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ᠰᠢᠭᠤᠶᠢᠲᠤ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠡᠩᠬᠡ ᠰᠢᠶᠠᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢ ᠭᠦᠢᠴᠡᠳ ᠨᠤᠲᠠᠯᠠᠬᠤ ᠶᠢᠨ ᠬᠠᠮᠲᠤ ᠦᠨᠡᠯᠡᠨ ᠵᠢᠱᠢᠵᠦ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠠᠵᠢᠯ ᠤᠨ ᠱᠠᠭᠠᠷᠳᠠᠯᠭ᠎ᠠ ᠳᠤᠷᠠᠳᠪᠠ᠃        ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠥᠩ ᠬᠠᠢ ᠵᠢᠶᠦ᠋ᠨ ᠴᠢᠬᠤᠯᠠᠴᠢᠯᠠᠬᠤ ᠳᠠᠭᠠᠨ᠂ ᠦᠨᠡᠯᠡᠨ ᠵᠢᠱᠢᠬᠦ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠨᠢ ᠮᠠᠰᠢ ᠴᠢᠩᠭ᠎ᠠ ᠵᠢᠯᠤᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠶᠤᠮ᠂ ᠰᠢᠭᠤᠶᠢᠲᠤ ᠣᠷᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠡᠩᠬᠡ ᠰᠢᠶᠠᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠤ ᠬᠦᠴᠦᠲᠡᠢ ᠠᠬᠢᠭᠤᠯᠬᠤ ᠦᠢᠯᠡᠳᠦᠯ ᠦᠵᠡᠭᠦᠯᠬᠦ ᠨᠢ ᠯᠠᠪᠲᠠᠢ ᠶᠤᠮ ᠭᠡᠵᠡᠢ᠃ ᠰᠢᠭᠤᠶᠢᠲᠤ ᠣᠷᠣᠨ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠱᠠᠲᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠡᠩᠬᠡ ᠰᠢᠶᠠᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠳᠠᠬᠢᠨ ᠰᠤᠳᠤᠯᠵᠤ ᠳᠠᠬᠢᠨ ᠪᠠᠶᠢᠷᠢᠯᠠᠭᠤᠯᠵᠤ᠂ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠨᠡᠨᠬᠦ ᠠᠬᠢᠭᠤᠯᠤᠨ᠎ᠠ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠪᠠᠨ ᠵᠠᠳᠠᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠦᠨᠡᠯᠡᠨ ᠵᠢᠱᠢᠵᠦ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠣᠳᠣᠬᠠᠨ ᠳᠤ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠲᠠᠢ ᠬᠠᠷᠢᠴᠠᠭᠤᠯᠤᠨ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ︔ ᠵᠣᠬᠢᠬᠤ ᠬᠦᠴᠢᠷᠳᠡᠯ ᠲᠠᠢ ᠣᠳᠣᠬᠠᠨ ᠳᠤ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠣᠷᠣᠰᠢᠵᠤ ᠪᠠᠶᠢᠨ᠎ᠠ᠂ ᠲᠥᠪᠯᠡᠷᠡᠭᠦᠯᠦᠨ ᠰᠤᠳᠤᠯᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯ ᠡᠩᠬᠡ ᠰᠢᠶᠠᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃        ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠᠰᠠ ᠲᠣᠰ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠪᠠᠷ ᠠᠵᠠ ᠲᠣᠬᠢᠶᠠᠯ ᠪᠣᠯᠭᠠᠵᠤ᠂ ᠴᠤᠭ ᠰᠦᠯᠳᠡ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠰᠢᠭᠤᠶᠢᠲᠤ ᠣᠷᠣᠨ ᠤ ᠬᠦᠴᠦᠷᠬᠡᠭ ᠣᠷᠣᠨ᠂ ᠡᠷᠡᠭᠦᠯ ᠮᠡᠨᠳᠦ ᠶᠢᠨ ᠬᠤᠲᠠ ᠶᠢ ᠪᠥᠬᠦ ᠬᠦᠴᠦᠨ ᠢᠶᠠᠷ ᠢᠶᠠᠨ ᠪᠠᠶᠢᠭᠤᠯᠬᠤ ᠪᠣᠯᠣᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号