【ᠦᠨᠳᠦᠰᠦᠨ ᠱᠠᠲᠤᠨ ᠤ ᠵᠡᠮᠳᠡᠭᠴᠦᠳ ᠤᠨ ᠨᠡᠶᠢᠭᠡᠮᠯᠢᠭ  ᠤᠨ ᠠᠵᠢᠯ ᠤᠨ ᠪᠠᠶᠢᠳᠠᠯ】ᠰᠠᠨ ᠴᠠ ᠺᠧᠦ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠨᠢ ᠵᠡᠮᠳᠡᠭᠴᠦᠳ ᠤᠨ ᠬᠥᠳᠡᠯᠦᠩᠭᠦᠢ ᠪᠠᠷ ᠰᠢᠨᠡᠳᠬᠡᠬᠦ ᠰᠢᠰᠲ᠋ᠧᠮ ᠢ ᠰᠢᠩᠭᠡᠬᠡᠨ ᠣᠷᠣᠭᠤᠯᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/11/29
        ᠣᠶᠢᠷ᠎ᠠ ᠳᠤ᠂ ᠰᠠᠨ ᠴᠠ ᠺᠧᠦ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠠᠴᠠ 2023 ᠣᠨ ᠤ ᠵᠡᠮᠳᠡᠭᠴᠦᠳ ᠤᠨ ᠬᠥᠳᠡᠯᠦᠩᠭᠦᠢ ᠰᠢᠨᠡᠴᠢᠯᠡᠯᠲᠡ ᠶᠢᠨ ᠰᠢᠰᠲ᠋ᠧᠮ ᠢ ᠰᠢᠩᠭᠡᠬᠡᠨ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃        ᠭᠠᠴᠠᠭᠠᠨ ᠤ ᠰᠦᠯᠵᠢᠶᠡᠨ ᠤ ᠠᠵᠢᠯᠲᠠᠨ ᠤ ᠸᠢᠴᠠᠲ ᠤᠨ ᠴᠤᠭᠯᠠᠷᠠᠯ ᠵᠡᠷᠭᠡ ᠠᠷᠭ᠎ᠠ ᠮᠠᠶ᠋ᠢᠭ ᠢ ᠠᠰᠢᠭᠯᠠᠨ᠂ ᠵᠡᠮᠳᠡᠭᠴᠦᠳ ᠤᠨ ᠬᠥᠳᠡᠯᠦᠩᠭᠦᠢ ᠪᠠᠷ ᠰᠢᠨᠡᠳᠬᠡᠬᠦ ᠶᠢᠨ ᠠᠴᠢ ᠬᠤᠯᠪᠣᠭᠳᠠᠯ᠂ ᠲᠣᠰ ᠵᠢᠯ ᠤᠨ ᠰᠢᠨᠡᠳᠬᠡᠬᠦ ᠴᠠᠭ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠡᠷᠦᠬᠡ ᠳᠤ ᠬᠦᠷᠴᠦ ᠰᠤᠷᠪᠤᠯᠵᠢᠯᠠᠨ᠂ ᠵᠡᠮᠳᠡᠭᠴᠦᠳ ᠲᠤ ᠵᠡᠮᠳᠡᠭᠴᠦᠳ ᠢ ᠬᠠᠪᠰᠤᠷᠤᠨ ᠵᠡᠮᠳᠡᠭᠴᠦᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠢᠭᠤᠷᠳᠠᠨ ᠲᠠᠶᠢᠯᠪᠤᠷᠢᠯᠠᠪᠠ᠃
1692345304368042074.png
        ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠭᠡᠷ ᠲᠡᠭᠡᠨ ᠪᠠᠶᠢᠭ᠎ᠠ ᠵᠡᠮᠳᠡᠭᠴᠦᠳ ᠤᠨ ᠡᠳᠦᠷ ᠲᠤᠲᠤᠮ ᠤᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠡᠷᠡᠭᠦᠯᠵᠢᠯ ᠤᠨ ᠦᠢᠯᠡᠴᠢᠯᠡᠭᠡ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠶᠢᠨ ᠪᠠᠶᠢᠳᠠᠯ ᠢ ᠭᠡᠷ ᠲᠤᠨᠢ ᠬᠦᠷᠴᠦ ᠡᠷᠦᠬᠡ ᠳᠤ ᠬᠦᠷᠴᠦ ᠪᠠᠶᠢᠴᠠᠭᠠᠯᠲᠠ ᠬᠢᠨ᠎ᠡ᠃ ᠭᠠᠳᠠᠨ᠎ᠠ ᠰᠠᠭᠤᠵᠤ ᠪᠠᠶᠢᠭ᠎ᠠ ᠵᠡᠮᠳᠡᠭᠴᠦᠳ ᠲᠤ ᠤᠲᠠᠰᠤ ᠪᠠᠷ ᠬᠢᠨᠠᠨ ᠪᠠᠶᠢᠴᠠᠭᠠᠵᠤ᠂ ᠣᠯᠠᠨ ᠲᠠᠯ᠎ᠠ ᠪᠠᠷ ᠬᠠᠷᠢᠴᠠᠭᠤᠯᠤᠨ ᠬᠠᠷᠭᠤᠭᠤᠯᠵᠤ᠂ ᠭᠠᠷ ᠤᠲᠠᠰᠤᠨ ᠤ APP ᠪᠠᠷ ᠳᠠᠮᠵᠢᠭᠤᠯᠤᠨ ᠵᠡᠮᠳᠡᠭᠴᠦᠳ ᠤᠨ ᠬᠠᠮᠢᠶ᠎ᠠ ᠪᠦᠬᠦᠢ ᠬᠥᠳᠡᠯᠦᠩᠭᠦᠢ ᠮᠡᠳᠡᠭᠡ ᠵᠠᠩᠭᠢ ᠶᠢ ᠣᠷᠣᠭᠤᠯᠵᠤ᠂ ᠵᠡᠮᠳᠡᠭᠴᠦᠳ ᠤᠨ ᠪᠣᠳᠠᠲᠠᠢ ᠪᠠᠶᠢᠳᠠᠯ ᠢ ᠦᠨᠡᠨ ᠪᠣᠳᠠᠲᠠᠢ ᠪᠠᠷ ᠲᠡᠮᠳᠡᠭᠯᠡᠨ᠎ᠡ᠃ ᠮᠡᠳᠡᠭᠡ ᠵᠠᠩᠭᠢ ᠶᠢ ᠴᠤᠭᠯᠠᠭᠤᠯᠬᠤ ᠶᠠᠪᠤᠴᠠ ᠳᠤ᠂ ︽ᠭᠤᠷᠪᠠᠨ ᠦᠨᠡᠮᠯᠡᠯ︾ ︵ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠬᠤᠶᠠᠳᠤᠭᠠᠷ ᠦᠶ᠎ᠡ ᠶᠢᠨ ᠵᠡᠮᠳᠡᠭᠴᠦᠳ ᠤᠨ ᠦᠨᠡᠮᠯᠡᠯ︶ ᠤᠨ ᠮᠡᠳᠡᠭᠡ ᠵᠠᠩᠭᠢ ᠶᠢ ᠴᠢᠩᠭ᠎ᠠ ᠵᠢᠷᠤᠮᠯᠠᠨ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠵᠦ᠂ ᠵᠡᠮᠳᠡᠭᠴᠦᠳ ᠤᠨ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠣᠨᠣᠪᠴᠢᠲᠠᠶ ᠪᠠᠶᠢᠬᠤ ᠶᠢ ᠪᠦᠲᠦᠮᠵᠢᠲᠡᠶ ᠪᠠᠲᠤᠯᠠᠬᠤ ᠬᠡᠷᠡᠭᠲᠡᠢ᠃
1692345326703097511.png
        ᠲᠤᠭ᠎ᠠ ᠪᠠᠷᠢᠮᠲᠠ ᠶᠢ ᠰᠢᠨᠡᠳᠬᠡᠬᠦ ᠡᠭᠦᠷᠭᠡ ᠶᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢᠨ ᠲᠥᠯᠥᠭᠡ᠂ ᠰᠠᠨ ᠴᠠ ᠺᠧᠦ ᠭᠠᠴᠠᠭᠠᠨ ᠤ ᠵᠡᠮᠳᠡᠭᠴᠦᠳ ᠤᠨ ᠨᠡᠶᠢᠭᠡᠮᠯᠢᠭ ᠤᠨ ᠪᠥᠭᠡᠳ ᠬᠤᠷᠴᠠ ᠰᠢᠷᠦᠭᠦᠨ ᠡᠳᠦᠷ ᠤᠨ ᠡᠷᠦᠬᠡ ᠳᠤ ᠬᠦᠷᠴᠦ ᠮᠡᠳᠡᠭᠡ ᠵᠠᠩᠭᠢ ᠴᠤᠭᠯᠠᠭᠤᠯᠵᠤ᠂ ᠪᠥᠬᠦ ᠤᠯᠤᠰ ᠤᠨ ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠬᠦ ᠶᠢ ᠴᠠᠭ ᠲᠤᠬᠠᠢ ᠳᠤᠨᠢ ᠪᠡᠶᠡᠯᠡᠭᠦᠯᠵᠦ᠂ ᠬᠥᠮᠥᠨ ᠢ ᠣᠷᠬᠢᠭᠳᠠᠭᠤᠯᠬᠤ ᠦᠭᠡᠢ᠂ ᠲᠥᠷᠥᠯ ᠵᠦᠢᠯ ᠢ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠪᠠ︔ ᠡᠭᠦᠨ ᠤ ᠬᠠᠮᠲᠤ ᠵᠡᠮᠳᠡᠭᠴᠦᠳ ᠤᠨ ᠬᠠᠮᠤᠭ ᠤᠨ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠳᠤ ᠵᠡᠮᠳᠡᠭᠴᠦᠳ ᠢ ᠬᠠᠪᠰᠤᠷᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠤᠨ ᠲᠠᠶᠢᠯᠪᠤᠷᠢᠯᠠᠵᠤ᠂ ᠨᠠᠩ ᠣᠯᠠᠨ ᠵᠡᠮᠳᠡᠭᠴᠦᠳ ᠲᠤ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ᠂ ᠠᠵᠢᠯ ᠣᠯᠭᠤᠵᠤ ᠲᠡᠳᠬᠦᠬᠦ᠂ ᠬᠤᠶᠠᠷ ᠵᠦᠢᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠣᠶᠢᠯᠠᠭᠠᠭᠤᠯᠬᠤ ᠬᠡᠷᠡᠭᠲᠡᠢ᠃ ᠲᠣᠰ ᠤᠳᠠᠭᠠᠨ ᠤ ᠵᠡᠮᠳᠡᠭᠴᠦᠳ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠰᠢᠨᠡᠳᠬᠡᠬᠦ ᠪᠠᠷ ᠳᠠᠮᠵᠢᠭᠤᠯᠤᠨ᠂ ᠵᠡᠮᠳᠡᠭᠴᠦᠳ ᠤᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠰᠠᠶᠢᠵᠢᠷᠠᠭᠤᠯᠬᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠵᠡᠮᠳᠡᠭᠴᠦᠳ ᠤᠨ ᠰᠠᠭᠤᠷᠢ ᠮᠡᠳᠡᠭᠡ ᠵᠠᠩᠭᠢ ᠶᠢᠨ ᠪᠠᠲᠤᠯᠠᠭ᠎ᠠ ᠶᠢ ᠬᠠᠩᠭᠠᠪᠠ︔ ᠵᠡᠮᠳᠡᠭᠴᠦᠳ ᠤᠨ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠳᠤ ᠳᠤᠲᠠᠭᠤᠳᠠᠯ ᠢ ᠨᠥᠬᠦᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠮᠢᠶ᠎ᠠ ᠪᠦᠬᠦᠢ ᠦᠨᠳᠦᠰᠦᠯᠡᠯ ᠬᠠᠩᠭᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号