ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠄ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/11/29
         ᠰᠢᠭᠤᠶᠢᠲᠤ ᠲᠣᠭᠤᠷᠢᠭ ᠤᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠱᠢᠯᠡᠭᠦᠯᠬᠦ ᠶᠢᠨ ᠲᠥᠯᠥᠭᠡ᠂ ᠰᠠᠪᠠ ᠶᠢᠨ ᠬᠦᠵᠦᠭᠦᠨ ᠤ ᠥᠮᠡᠨ ᠡᠪᠡᠳᠴᠢᠨ ᠢ ᠨᠡᠩ ᠰᠠᠶᠢᠨ ᠰᠡᠷᠭᠡᠶᠢᠯᠡᠵᠦ᠂ ᠰᠠᠪᠠ ᠶᠢᠨ ᠬᠦᠵᠦᠭᠦᠨ ᠤ ᠥᠮᠡᠨ ᠡᠪᠡᠳᠴᠢᠨ ᠡᠭᠦᠰᠬᠦ ᠨᠣᠷᠮ᠎ᠠ ᠶᠢ ᠪᠠᠭᠤᠷᠠᠭᠤᠯᠤᠨ᠎ᠠ᠃ ᠣᠶᠢᠷ᠎ᠠ ᠳᠤ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠰᠦᠨ ᠦᠨ᠎ᠡ ᠶᠢᠨ HPV ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃
1701227797496088698.jpg
        ᠵᠣᠬᠢᠬᠤ ᠨᠠᠰᠤᠨ ᠤ ᠡᠮᠡᠭᠲᠡᠢ HPV ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠠᠷᠢᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ HPV ᠸᠠᠺᠼᠢᠨ ᠤ ᠲᠠᠷᠢᠯᠭ᠎ᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠸᠠᠺᠼᠢᠨ ᠢ ᠬᠥᠮᠥᠷᠭᠡ ᠳᠤ ᠣᠷᠣᠭᠤᠯᠬᠤ᠂ ᠬᠠᠳᠠᠭᠠᠯᠠᠬᠤ᠂ ᠪᠣᠯᠵᠣᠬᠤ᠂ ᠲᠠᠷᠢᠯᠭ᠎ᠠ ᠶᠢᠨ ᠦᠨᠡᠨ ᠪᠣᠳᠠᠲᠠᠢ ᠪᠦᠷᠢᠨ ᠪᠦᠲᠦᠨ ᠲᠡᠮᠳᠡᠭᠯᠡᠯ ᠢ ᠪᠠᠶᠢᠭᠤᠯᠪᠠ᠃
1701227817988079600.jpg
        ᠲᠠᠷᠢᠯᠭ᠎ᠠ ᠶᠢᠨ ᠲᠤᠬᠠᠢ ᠶᠢᠨ ᠡᠳᠦᠷ᠂ ᠡᠮᠨᠡᠯᠭᠡ ᠶᠢᠨ ᠠᠵᠢᠯᠲᠠᠳ ᠤᠷᠢᠳᠴᠢᠯᠠᠨ ᠠᠵᠢᠯ ᠤᠨ ᠪᠠᠶᠢᠷᠢ ᠳᠠᠭᠠᠨ ᠬᠦᠷᠴᠦ᠂ ᠲᠣᠰ ᠲᠣᠰ ᠤᠨ ᠠᠵᠢᠯ ᠤᠨ ᠪᠠᠶᠢᠷᠢ ᠳᠠᠭᠠᠨ ᠣᠯᠠᠨ ᠲᠦᠮᠡᠨ ᠳᠤ ᠸᠠᠺᠼᠢᠨ ᠤ ᠲᠠᠷᠢᠯᠭ᠎ᠠ ᠬᠢᠵᠦ ᠥᠭᠬᠦ ᠶᠢᠨ ᠬᠠᠮᠲᠤ ᠲᠠᠷᠢᠯᠭ᠎ᠠ ᠬᠢᠭᠰᠡᠳ ᠲᠤ ᠬᠠᠯᠠᠭᠤᠨ ᠤᠰᠤ ᠢᠯᠡᠭᠦᠬᠡᠨ ᠤᠤᠭᠤ ᠭᠡᠵᠦ ᠵᠠᠬᠢᠵᠤ᠂ ᠭᠠᠰᠢᠭᠤᠨ ᠭᠤᠰᠢᠭᠤᠨ ᠰᠡᠲᠡᠯ᠂ ᠲᠡᠯᠡᠶ ᠶᠢᠨ ᠢᠳᠡᠭᠡᠨ ᠵᠡᠷᠭᠡ ᠢᠳᠡᠭᠡᠨ ᠢᠳᠡᠬᠦ ᠶᠢ ᠴᠡᠭᠡᠷᠯᠡᠵᠦ᠂ ᠬᠦᠨᠳᠦ ᠪᠣᠳᠠᠰ ᠢ ᠭᠠᠷᠭᠠᠵᠤ ᠪᠣᠯᠬᠤ ᠦᠭᠡᠢ᠂ 24 ᠴᠠᠭ ᠤᠨ ᠳᠣᠲᠣᠷ᠎ᠠ ᠪᠡᠶ᠎ᠡ ᠪᠠᠨ ᠤᠬᠢᠶᠠᠬᠤ ᠦᠭᠡᠢ᠂ ᠠᠷᠢᠬᠢ ᠤᠤᠭᠤᠬᠤ ᠦᠭᠡᠢ ᠪᠠᠶᠢᠬᠤ ᠬᠡᠷᠡᠭᠲᠡᠢ ᠭᠡᠵᠦ ᠵᠠᠬᠢᠪᠠ᠃ ᠣᠲᠣ ᠪᠣᠯᠲᠠᠯ᠎ᠠ᠂ ᠨᠢᠭᠡᠨᠲᠡ 16 ᠤᠳᠠᠭ᠎ᠠ ᠲᠠᠷᠢᠯᠭ᠎ᠠ ᠶᠢᠨ ᠡᠭᠦᠷᠭᠡ ᠪᠠᠨ ᠪᠡᠶᠡᠯᠡᠭᠦᠯᠪᠡ᠃        ᠲᠠᠷᠠᠭᠠᠴᠢ ᠶᠢᠨ ᠠᠯᠬᠤᠮ ᠳᠤ᠂ ᠪᠡᠳᠬᠡᠷ ᠵᠤᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ HPV ᠸᠠᠺᠼᠢᠨ ᠤ ᠲᠠᠷᠢᠯᠭ᠎ᠠ ᠶᠢᠨ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠮᠡᠭᠲᠡᠶᠢᠴᠦᠳ ᠲᠤ ᠦᠨᠡᠨ ᠬᠦ ᠪᠣᠳᠠᠲᠤ ᠶᠠᠪᠤᠳᠠᠯ ᠬᠢᠵᠦ᠂ ᠬᠠᠶᠢᠷ᠎ᠠ ᠬᠠᠯᠠᠮᠵᠢ ᠬᠦᠷᠭᠡᠵᠦ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号