ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠬᠠᠯᠠᠮᠵᠢᠯᠠᠨ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠶ᠎ᠠ
ᠨᠡᠶᠢᠲᠡᠯᠡᠭᠰᠡᠨ ᠴᠠᠭ᠄
2023/11/29
        ᠬᠦᠨᠳᠦ ᠨᠣᠴᠢᠲᠠᠢ ᠣᠶᠤᠨ ᠮᠡᠳᠡᠷᠡᠯ  ᠤᠨ ᠰᠠᠭᠠᠳ ᠲᠠᠢ ᠡᠪᠡᠳᠴᠢᠲᠡᠨ ᠢ ᠬᠠᠯᠠᠮᠵᠢᠯᠠᠨ ᠬᠠᠶᠢᠷᠠᠯᠠᠵᠤ᠂ ᠡᠪᠡᠳᠴᠢᠨ ᠡᠮᠭᠡᠭ ᠠᠴᠠ ᠪᠣᠯᠤᠭᠰᠠᠨ ᠨᠥᠯᠥᠭᠡ ᠶᠢ ᠪᠠᠭᠠᠰᠬᠠᠨ᠂ ᠬᠡᠷᠡᠭ ᠭᠠᠷᠭᠠᠵᠤ ᠬᠡᠷᠡᠭ ᠭᠠᠷᠭᠠᠬᠤ ᠠᠴᠠ ᠵᠠᠶᠢᠯᠠᠰᠬᠢᠵᠦ᠂ ᠲᠡᠭᠦᠨ ᠢ ᠨᠡᠶᠢᠭᠡᠮ ᠲᠠᠢ ᠨᠡᠩ ᠰᠠᠶᠢᠨ ᠨᠡᠰ ᠭᠡᠬᠦ ᠶᠢᠨ ᠲᠥᠯᠥᠭᠡ᠂ 11 ᠰᠠᠷ᠎ᠠ ᠶᠢᠨ 28  ᠤ ᠡᠳᠦᠷ ᠂ ᠰᠢᠭᠤᠶᠢᠲᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠺᠠᠩ ᠨᠢᠩ ᠰᠡᠳᠬᠢᠴᠡ ᠶᠢᠨ ᠡᠮᠨᠡᠯᠭᠡ ᠶᠢᠨ ᠬᠤᠷᠢᠶᠠᠨ ᠤ ᠣᠶᠤᠨ ᠰᠠᠨᠠᠭᠠᠨ ᠤ ᠰᠠᠯᠠᠭᠠᠨ ᠤ ᠲᠤᠰᠭᠠᠢ ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ ᠰᠢᠭᠤᠶᠢᠲᠤ ᠲᠣᠭᠤᠷᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠣᠶᠤᠨ ᠰᠠᠨᠠᠭᠠᠨ ᠤ ᠰᠠᠭᠠᠳ ᠲᠠᠢ ᠡᠪᠡᠳᠴᠢᠲᠡᠨ ᠳᠤ ᠳᠠᠬᠢᠨ ᠡᠮᠨᠡᠭᠦᠯᠵᠦ ᠥᠭᠬᠦ ᠪᠥᠭᠡᠳ 3 ᠰᠠᠷ᠎ᠠ ᠶᠢᠨ ᠣᠶᠤᠨ ᠰᠠᠨᠠᠭᠠᠨ ᠤ ᠬᠠᠷᠰᠢ ᠰᠠᠭᠠᠳ ᠲᠠᠢ ᠡᠮᠴᠢᠯᠡᠭᠡᠨ ᠤ ᠡᠮ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠠᠢ᠃
        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠤᠰᠬᠠᠢ ᠮᠡᠷᠭᠡᠵᠢᠯᠲᠡᠨ ᠡᠪᠡᠳᠴᠢᠲᠡᠨ ᠵᠢᠴᠢ ᠬᠢᠨᠠᠨ ᠬᠠᠮᠠᠭᠠᠯᠠᠭᠴᠢ ᠲᠠᠢ ᠨᠠᠷᠢᠨ ᠨᠢᠮᠪᠠᠢ ᠨᠡᠪᠲᠡᠷᠡᠯᠴᠡᠨ ᠰᠣᠯᠢᠯᠴᠠᠵᠤ᠂ ᠡᠪᠡᠳᠴᠢᠲᠡᠨ ᠤ ᠣᠶᠢᠷ᠎ᠠ ᠶᠢᠨ ᠬᠤᠭᠤᠴᠠᠭᠠᠨ ᠤ ᠪᠡᠶ᠎ᠡ ᠶᠢᠨ ᠪᠠᠶᠢᠳᠠᠯ᠂ ᠣᠶᠤᠨ ᠰᠠᠨᠠᠭᠠᠨ ᠤ ᠪᠠᠶᠢᠳᠠᠯ ᠪᠠ ᠡᠮ ᠬᠡᠷᠡᠭᠯᠡᠵᠦ ᠪᠠᠶᠢᠭ᠎ᠠ ᠪᠠᠶᠢᠳᠠᠯ ᠵᠡᠷᠭᠡ ᠶᠢ ᠨᠠᠷᠢᠨ ᠣᠶᠢᠯᠠᠭᠠᠪᠠ︔ ᠡᠪᠡᠳᠴᠢᠲᠡᠨ ᠳᠤ ᠴᠢᠰᠤᠨ ᠳᠠᠷᠤᠯᠲᠠ᠂ ᠴᠢᠰᠤᠨ ᠰᠢᠬᠢᠷ ᠤᠨ ᠪᠠᠶᠢᠴᠠᠭᠠᠯᠲᠠ ᠬᠢᠵᠦ᠂ ᠡᠳᠦᠷ ᠲᠤᠲᠤᠮ ᠤᠨ ᠠᠩᠬᠠᠷᠬᠤ ᠵᠦᠢᠯᠡᠰ ᠢ ᠮᠡᠳᠡᠭᠳᠡᠵᠦ᠂ ᠲᠠᠷᠬᠠᠭᠠᠭᠰᠠᠨ ᠡᠮ ᠳᠤ ᠡᠮ ᠬᠡᠷᠡᠭᠯᠡᠬᠦ ᠵᠢᠯᠣᠭᠤᠳᠤᠯᠭ᠎ᠠ ᠬᠢᠵᠦ᠂ ᠬᠠᠮᠢᠶ᠎ᠠ ᠪᠦᠬᠦᠢ ᠬᠠᠷᠠᠭᠠᠯᠵᠠᠯ ᠦᠵᠡᠭᠦᠯᠵᠦ ᠡᠮᠨᠡᠭᠦᠯᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃ ᠡᠭᠦᠨ ᠤ ᠬᠠᠮᠲᠤ ᠬᠢᠨᠠᠨ ᠬᠠᠮᠠᠭᠠᠯᠠᠭᠴᠢ ᠳᠤ ᠡᠳᠦᠷ ᠲᠤᠲᠤᠮ ᠤᠨ ᠬᠠᠷᠠᠭᠠᠯᠵᠠᠯ ᠪᠠ ᠬᠠᠮᠢᠶᠠᠷᠤᠯᠲᠠ ᠶᠢ ᠰᠠᠶᠢᠲᠤᠷ ᠬᠢᠵᠦ᠂ ᠡᠪᠡᠳᠴᠢᠲᠡᠨ ᠤ ᠤᠷᠮ᠎ᠠ ᠰᠡᠳᠬᠢᠯᠭᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠡᠪᠡᠳᠴᠢᠲᠡᠨ ᠤ ᠡᠳᠦᠷ ᠲᠤᠲᠤᠮ ᠤᠨ ᠤᠷᠮ᠎ᠠ ᠰᠡᠳᠬᠢᠯᠭᠡ ᠲᠣᠭᠲᠠᠭᠤᠨ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ ᠭᠡᠵᠦ ᠵᠠᠬᠢᠪᠠ᠃        ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠮᠢᠳᠤᠷᠠᠯ ᠬᠦᠴᠢᠷᠳᠡᠯᠲᠡᠢ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠮ ᠬᠤᠳᠠᠯᠳᠤᠨ ᠠᠪᠬᠤ ᠳᠤ ᠦᠨᠡᠲᠡᠢ ᠪᠠᠶᠢᠬᠤ ᠵᠢᠴᠢ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠵᠡᠷᠭᠡ ᠡᠪᠡᠳᠴᠢᠲᠡᠨ ᠤ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠤᠭᠰᠠᠨ ᠢᠶᠠᠷ ᠪᠠᠷᠠᠬᠤ ᠦᠭᠡᠢ ᠪᠠᠰᠠ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ᠂ ᠡᠪᠡᠳᠴᠢᠲᠡᠨ ᠤ ᠡᠷᠡᠭᠦᠯᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠬᠡᠷᠡᠭ ᠥᠳᠥᠭᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠤᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠪᠠ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠦᠨᠳᠦ ᠨᠣᠴᠢᠲᠠᠢ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠯᠠᠮᠵᠢᠯᠠᠯ ᠪᠠ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠨ᠎ᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号