ᠵᠢᠪᠬᠤᠯᠠᠩᠲᠤ ᠰᠤᠮᠤ᠂ ᠪᠡᠳᠬᠡᠷ ᠵᠤᠤ ᠪᠠᠯᠭᠠᠰᠤ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄ | 5 ᠳ᠋ᠤᠭᠠᠷ ᠰᠠᠷ᠎ᠠ ᠶᠢᠨ 17 ᠤ ᠡᠳᠦᠷ ᠬᠤᠷᠠᠯᠳᠤᠭᠤᠯᠤᠭᠰᠠᠨ ᠰᠢᠭᠤᠶᠢᠲᠤ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠵᠥᠪᠰᠢᠶᠡᠷᠡᠵᠦ᠂ ᠡᠳᠦᠭᠡ ︽ᠰᠢᠭᠤᠶᠢᠲᠤ ᠲᠣᠭᠤᠷᠢᠭ ᠤᠨ 2023 ᠣᠨ ᠤ ᠮᠠᠯᠵᠢᠬᠤ ᠲᠠᠷᠢᠶᠠᠯᠠᠬᠤ ᠣᠷᠣᠨ ᠤ | ᠵᠣᠷᠯᠣᠩ ᠤᠨ ᠬᠤᠪᠢᠰᠬᠠᠯ ᠤᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2023 ᠣᠨ ᠤ 6 ᠰᠠᠷ᠎ᠠ ᠶᠢᠨ 20 ᠤ ᠡᠳᠦᠷ | | | | ᠰᠢᠭᠤᠶᠢᠲᠤ ᠲᠣᠭᠤᠷᠢᠭ ᠤᠨ 2023 ᠣᠨ ᠤ ᠲᠠᠷᠢᠶᠠᠯᠠᠬᠤ ᠮᠠᠯᠵᠢᠬᠤ ᠣᠷᠣᠨ ᠤ ᠵᠣᠷᠯᠣᠩ ᠤᠨ | ᠬᠤᠪᠢᠰᠬᠠᠯ ᠤᠨ ᠬᠡᠷᠡᠭᠵᠢᠭᠦᠯᠬᠦ ᠲᠥᠰᠥᠯ | ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠤ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ | ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠵᠣᠷᠯᠣᠩ ᠤᠨ ᠪᠦᠷᠬᠦᠴᠡ ᠶᠢᠨ ᠨᠣᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠬᠢᠷᠢ ᠲᠦᠪᠰᠢᠨ ᠢ ᠰᠠᠶᠢᠵᠢᠷᠠᠭᠤᠯᠬᠤ ᠶᠢᠨ ᠲᠥᠯᠥᠭᠡ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠵᠢᠯᠤᠭᠤᠳᠬᠤ | ᠰᠠᠨᠠᠯ︾ ︵ᠲᠠᠷᠢᠶᠠᠯᠠᠩ ᠨᠡᠶᠢᠭᠡᠮ ᠲᠠᠷᠬᠠᠭᠠᠭᠰᠠᠨ﹇2021﹈ 1 ᠳ᠋ᠦ᠋ᠭᠡᠷ ᠲᠣᠭᠠᠲᠤ︶᠂ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠠᠯᠵᠢᠬᠤ ᠲᠠᠷᠢᠶᠠᠯᠠᠬᠤ ᠣᠷᠣᠨ ᠤ | ᠵᠣᠷᠯᠣᠩ ᠤᠨ ᠬᠤᠪᠢᠰᠬᠠᠯ ᠤᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ | ᠲᠠᠷᠢᠶᠠᠯᠠᠩ ᠮᠠᠯ ᠠᠵᠤ ᠠᠬᠤᠢ ᠨᠡᠶᠢᠭᠡᠮ ᠲᠠᠷᠬᠠᠭᠠᠭᠰᠠᠨ﹇2021﹈ 113 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ | ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠰᠢᠶᠠᠨ ᠰᠢᠶᠠᠩ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠤᠨᠢᠨ | ᠳᠡᠭᠡᠷ᠎ᠡ ᠨᠢ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠪᠣᠷᠣ ᠲᠥᠯᠥᠪ ᠤᠨ ᠳᠣᠣᠷ᠎ᠠ᠂ ᠤᠳᠤ ᠪᠠᠶᠢᠭ᠎ᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ | ᠵᠢᠴᠢ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠵᠡᠷᠭᠡ | ᠱᠠᠭᠠᠷᠳᠠᠯᠭ᠎ᠠ ᠶᠣᠰᠣᠭᠠᠷ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠥᠷᠥᠩᠭᠡ ᠶᠢᠨ ᠤᠷᠳᠤ ᠬᠤᠭᠤᠴᠠᠭᠠᠨ ᠤ | ᠪᠦᠲᠦᠮᠵᠢᠲᠡᠢ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠶᠢ | ᠲᠡᠳᠬᠦᠬᠦ ᠲᠦᠷᠦᠯ ᠵᠦᠢᠯ ᠤᠨ ᠡᠳ᠋ ᠬᠥᠷᠥᠩᠭᠡ ᠶᠢᠨ ᠲᠣᠭᠲᠠᠭᠤᠨ ᠰᠠᠶᠢᠨ ᠡᠷᠭᠢᠯᠲᠡ ᠶᠢ ᠪᠠᠲᠤᠯᠠᠵᠤ᠂ | ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠡᠩ ᠰᠠᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ︵ᠨᠢᠭᠡ︶ᠵᠢᠯᠤᠭᠤᠳᠬᠤ ᠦᠵᠡᠯ ᠰᠠᠨᠠᠭ᠎ᠠ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠤ | ︽ᠵᠣᠷᠯᠣᠩ ᠤᠨ ᠬᠤᠪᠢᠰᠬᠠᠯ︾ ᠤᠨ ᠠᠵᠢᠯ ᠢ ᠠᠬᠢᠭᠤᠯᠬᠤ ᠲᠤᠬᠠᠢ ᠴᠢᠬᠤᠯᠠ ᠶᠠᠷᠢᠶ᠎ᠠ ᠵᠢᠴᠢ ᠠᠯᠢ ᠣᠯᠠᠨ | ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠪᠠ ᠪᠤᠭᠤᠲᠤ ᠬᠤᠲᠠ ᠶᠢᠨ ᠡᠷᠦᠬᠡ ᠶᠢᠨ ᠵᠣᠷᠯᠣᠩ ᠢ ᠥᠭᠡᠷᠡᠴᠢᠯᠡᠬᠦ ᠲᠤᠬᠠᠢ ᠰᠢᠢᠳᠪᠦᠷᠢᠲᠦ ᠪᠣᠳᠣᠯᠭ᠎ᠠ ᠶᠢᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠣᠭᠤᠷᠢᠭ ᠤᠨ | ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠥᠭᠡᠷᠡᠴᠢᠯᠡᠯᠲᠡ ᠶᠢᠨ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠨᠡᠯᠢᠶᠡᠳ ᠰᠠᠶᠢᠨ ᠰᠠᠭᠤᠷᠢ ᠲᠠᠢ᠂ ᠦᠨᠳᠦᠰᠦᠨ ᠳᠤ ᠪᠠᠨ ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠳᠤ᠂ | ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠪᠦᠬᠦᠨ ᠢ ᠥᠭᠡᠷᠡᠴᠢᠯᠡᠨ ᠰᠠᠶᠢᠵᠢᠷᠠᠭᠤᠯᠵᠤ᠂ | ᠵᠣᠷᠯᠣᠩ ᠤᠨ ᠪᠠᠭᠠᠰᠤᠨ ᠪᠣᠬᠢᠷᠲᠤᠯ ᠢ ᠦᠨᠳᠦᠰᠦᠨ ᠳᠡᠭᠡᠨ ᠪᠦᠲᠦᠮᠵᠢᠲᠡᠶ ᠰᠢᠢᠳᠪᠦᠷᠢᠯᠡᠵᠦ᠂ ᠡᠬᠢ ᠪᠠᠶᠠᠯᠢᠭᠵᠢᠭᠤᠯᠤᠨ | ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠨ ᠬᠠᠮᠠᠭᠠᠯᠠᠬᠤ ᠲᠣᠭᠲᠠᠴᠠ ᠶᠢ ᠵᠡᠷᠭᠡ ᠪᠠᠷ ᠪᠠᠶᠢᠭᠤᠯᠪᠠ᠃ ᠪᠤᠶᠢᠳᠠ ᠪᠥᠭᠯᠡᠭᠦᠦ᠂ ᠭᠠᠩ ᠬᠠᠭᠤᠷᠠᠢ ᠪᠥᠭᠡᠳ | ᠬᠠᠬᠢᠷ ᠬᠦᠢᠲᠡᠨ᠂ ᠠᠵᠤ ᠠᠬᠤᠢ ᠬᠥᠭᠵᠢᠭᠡᠳᠦᠢ ᠭᠠᠵᠠᠷ ᠣᠷᠣᠨ ᠳᠤ ᠣᠷᠣᠰᠢᠵᠤ᠂ ᠬᠥᠳᠡᠭᠡ ᠲᠣᠰᠬᠤᠨ ᠤ | ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠯᠠᠪᠳᠠᠭᠤᠨ ᠢᠶᠠᠷ ᠳᠡᠭᠡᠭᠰᠢᠯᠡᠵᠦ᠂ ᠵᠣᠷᠯᠣᠩ ᠤᠨ | ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠴᠢᠳᠠᠪᠤᠷᠢ ᠲᠠᠰᠤᠷᠠᠯᠲᠠ ᠤᠶᠢᠭᠡᠢ | ᠳᠡᠭᠡᠭᠰᠢᠯᠡᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠠᠯᠬᠤᠮ | ᠠᠯᠬᠤᠮ ᠢᠶᠠᠷ ᠪᠠᠶᠢᠭᠤᠯᠤᠭᠳᠠᠪᠠ᠃ | ︵ᠬᠤᠶᠠᠷ︶ᠦᠨᠳᠦᠰᠦᠨ ᠵᠠᠷᠴᠢᠮ | 1. ᠵᠠᠰᠠᠭ ᠤᠨ ᠣᠷᠳᠣᠨ ᠬᠥᠲᠥᠯᠥᠨ ᠵᠢᠯᠤᠭᠤᠳᠴᠤ᠂ ᠬᠠᠮᠵᠢᠯᠴᠠᠨ ᠠᠬᠢᠭᠤᠯᠬᠤ ᠬᠡᠷᠡᠭᠲᠡᠢ᠃ ᠵᠠᠰᠠᠭ ᠤᠨ | ᠣᠷᠳᠣᠨ ᠠᠴᠠ ᠨᠢᠭᠡᠳᠦᠯᠲᠡᠢ ᠪᠠᠶᠢᠷᠢᠯᠠᠭᠤᠯᠬᠤ᠂ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠲᠡᠳᠬᠦᠬᠦ᠂ ᠲᠤᠰᠬᠠᠢ | ᠦᠢᠯᠡᠴᠢᠯᠡᠭᠡᠨ ᠤ ᠦᠢᠯᠡᠴᠢᠯᠡᠭᠡᠨ ᠢ ᠬᠠᠷᠢᠯᠴᠠᠨ ᠤᠶᠠᠯᠳᠤᠭᠤᠯᠤᠭᠰᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ | ᠵᠠᠰᠠᠭ ᠤᠨ ᠣᠷᠳᠣᠨ ᠤ ᠪᠠᠷᠢᠮᠵᠢᠶ᠎ᠠ ᠶᠢ ᠲᠣᠭᠲᠠᠭᠠᠬᠤ᠂ ᠲᠥᠷᠥ ᠶᠢᠨ ᠪᠣᠳᠣᠯᠭ᠎ᠠ ᠪᠠᠷ ᠵᠣᠷᠢᠭᠵᠢᠭᠤᠯᠬᠤ᠂ ᠵᠢᠱᠢᠶ᠎ᠡ | ᠦᠵᠡᠭᠦᠯᠦᠨ ᠬᠥᠲᠥᠯᠥᠨ ᠵᠢᠯᠤᠭᠤᠳᠬᠤ ᠵᠡᠷᠭᠡ ᠦᠢᠯᠡᠳᠦᠯ ᠢ ᠪᠠᠳᠠᠷᠠᠭᠤᠯᠤᠨ᠂ ᠶᠡᠬᠡᠳᠡ ᠳᠠᠭᠠᠭᠠᠴᠢᠯᠠᠵᠤ᠂ | ᠠᠯᠪᠠᠳᠠᠨ ᠵᠠᠷᠯᠢᠭᠳᠠᠬᠤ ᠦᠭᠡᠢ᠃ ᠲᠣᠭᠤᠷᠢᠭ᠂ ᠰᠤᠮᠤ ᠪᠠᠯᠭᠠᠰᠤᠨ ᠤ ᠲᠠᠷᠢᠶᠠᠯᠠᠩ ᠳᠤ ᠬᠤᠯᠪᠣᠭᠳᠠᠬᠤ ᠵᠡᠭᠡᠯᠢ | ᠭᠤᠳᠤᠮᠵᠢ᠂ ᠭᠠᠴᠠᠭ᠎ᠠ ᠲᠣᠰᠬᠤᠨ᠂ ᠡᠷᠦᠬᠡ ᠳᠥᠷᠪᠡᠨ ᠱᠠᠲᠤ ᠬᠠᠮᠲᠤᠷᠠᠨ ᠬᠥᠳᠡᠯᠦᠯᠴᠡᠬᠦ ᠶᠢ ᠬᠡᠷᠡᠭᠵᠢᠭᠦᠯᠵᠦ᠂ ᠱᠠᠲᠤ | ᠬᠤᠪᠢᠶᠠᠨ ᠬᠠᠷᠢᠭᠤᠴᠠᠨ᠎ᠠ᠃ ᠣᠯᠠᠨ ᠲᠦᠮᠡᠨ ᠤ ᠵᠣᠷᠯᠣᠩ ᠢ ᠥᠭᠡᠷᠡᠴᠢᠯᠡᠬᠦ ᠢᠳᠡᠪᠬᠢᠵᠢᠯ ᠢ ᠭᠦᠢᠴᠡᠳ ᠳᠠᠶᠢᠴᠢᠯᠠᠵᠤ᠂ | ᠮᠠᠯᠴᠢᠨ ᠲᠠᠷᠢᠶᠠᠴᠢᠨ ᠤ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠬᠦᠨᠳᠦᠳᠬᠡᠨ᠂ ᠣᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠣᠷᠣᠯᠴᠠᠭᠤᠯᠵᠤ᠂ ᠬᠦᠴᠦ ᠣᠷᠣᠭᠤᠯᠤᠨ ᠮᠠᠲ᠋ᠧᠷᠢᠶᠠᠯ | ᠣᠷᠣᠭᠤᠯᠵᠤ᠂ ᠮᠠᠯᠴᠢᠨ ᠲᠠᠷᠢᠶᠠᠴᠢᠨ ᠮᠡᠳᠡᠷᠡᠬᠦ᠂ ᠮᠠᠯᠴᠢᠨ ᠲᠠᠷᠢᠶᠠᠴᠢᠨ ᠣᠷᠣᠯᠴᠠᠬᠤ᠂ ᠮᠠᠯᠴᠢᠨ ᠲᠠᠷᠢᠶᠠᠴᠢᠨ | ᠬᠠᠨᠤᠮᠵᠢᠲᠠᠶ ᠪᠠᠶᠢᠬᠤ ᠶᠢ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠦᠨᠳᠦᠰᠦᠨ ᠱᠠᠭᠠᠷᠳᠠᠯᠭ᠎ᠠ | ᠪᠣᠯᠭᠠᠵᠤ᠂ ᠵᠣᠷᠯᠣᠩ ᠢ ᠥᠭᠡᠷᠡᠴᠢᠯᠡᠬᠦ ᠠᠵᠢᠯ ᠳᠤ ᠢᠮᠠᠭᠲᠠ ᠲᠤᠤᠱᠯᠠᠭᠤᠯᠬᠤ ᠬᠡᠷᠡᠭᠲᠡᠢ᠃ | 2. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠷᠥᠯ ᠬᠤᠪᠢᠶᠠᠨ | ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠢ ᠬᠥᠭᠵᠢᠯᠲᠡ ᠶᠢᠨ ᠬᠢᠷᠢ ᠲᠦᠪᠰᠢᠨ᠂ ᠪᠠᠶᠢᠭᠠᠯᠢ ᠶᠢᠨ ᠨᠥᠬᠦᠴᠡᠯ ᠢ | ᠶᠡᠷᠦᠩᠬᠡᠶᠢᠯᠡᠨ ᠪᠣᠳᠣᠯᠬᠢᠯᠠᠵᠤ᠂ ︽ᠵᠣᠷᠯᠣᠩ ᠤᠨ ᠬᠤᠪᠢᠰᠬᠠᠯ︾ ᠤᠨ ᠠᠷᠭ᠎ᠠ ᠬᠡᠯᠪᠡᠷᠢ ᠶᠢ ᠰᠢᠨᠵᠢᠯᠡᠬᠦ ᠤᠬᠠᠭᠠᠨᠴᠢ ᠪᠠᠷ | ᠰᠣᠩᠭᠤᠨ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠲᠥᠰᠥᠯ ᠢ ᠲᠣᠭᠲᠠᠭᠠᠵᠤ᠂ ᠬᠠᠷᠠᠯᠲᠠᠲᠤ ᠡᠭᠦᠷᠭᠡ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ᠂ ᠮᠡᠷᠭᠡᠵᠢᠯ ᠤᠨ ᠵᠠᠭᠪᠤᠷ ᠢ ᠵᠦᠢ ᠵᠣᠬᠢᠰᠲᠠᠢ ᠲᠣᠭᠲᠠᠭᠠᠨ᠂ ᠤᠰᠤ ᠬᠡᠷᠡᠭᠯᠡᠬᠦ ᠳᠤ | ᠲᠣᠬᠢᠷᠠᠪᠠᠯ ᠤᠰᠤ᠂ ᠭᠠᠩ ᠬᠠᠭᠰᠠᠷᠠᠭᠠᠨ ᠳᠤ ᠲᠣᠬᠢᠷᠠᠪᠠᠯ ᠭᠠᠩ ᠬᠠᠭᠤᠷᠠᠢ ᠪᠠᠶᠢᠵᠤ᠂ ᠥᠭᠡᠷᠡᠴᠢᠯᠡᠬᠦ ᠳᠤ ᠲᠣᠬᠢᠷᠠᠪᠠᠯ | ᠥᠭᠡᠷᠡᠴᠢᠯᠡᠨ᠂ ᠪᠠᠶᠢᠭᠤᠯᠬᠤ ᠳᠤ ᠲᠣᠬᠢᠷᠠᠪᠠᠯ ᠪᠠᠶᠢᠭᠤᠯᠵᠤ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ | ᠬᠢᠷᠢ ᠪᠠᠷ ᠬᠢᠬᠦ ᠬᠡᠷᠡᠭᠲᠡᠢ᠃ ᠪᠦᠬᠦ᠋ᠢᠯᠡ ᠲᠣᠰᠬᠤᠨ ᠢᠶᠠᠷ ᠨᠢ ᠠᠬᠢᠭᠤᠯᠬᠤ ᠶᠢ ᠵᠣᠷᠢᠭᠵᠢᠭᠤᠯᠤᠨ ᠳᠡᠮᠵᠢᠵᠦ᠂ ᠬᠥᠳᠡᠭᠡ | ᠲᠣᠰᠬᠤᠨ ᠤ ᠵᠣᠷᠯᠣᠩ ᠤᠨ ᠪᠠᠭᠠᠰᠤᠨ ᠪᠣᠬᠢᠷ ᠪᠠ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ | ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠬᠡᠷᠡᠭᠲᠡᠢ᠃ ︽ᠡᠭᠡᠭᠡ ᠠᠳᠠᠯᠢ ᠪᠠᠶᠢᠯᠭᠠᠬᠤ︾᠂ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠦᠭᠡᠢ᠂ ᠳᠦᠷᠢ | ᠲᠥᠷᠬᠦ ᠶᠢᠨ ᠢᠨᠵᠧᠨᠧᠷᠢᠩ ᠢ ᠲᠠᠰᠤ ᠵᠣᠭᠰᠤᠭᠠᠬᠤ ᠬᠡᠷᠡᠭᠲᠡᠢ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ | ᠥᠭᠡᠷᠡᠴᠢᠯᠡᠨ ᠰᠠᠶᠢᠵᠢᠷᠠᠭᠤᠯᠬᠤ ᠨᠢᠭᠡ ᠪᠦᠯᠦᠭ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ | ᠲᠣᠰᠬᠤᠨ᠂ ᠵᠢᠱᠢᠶ᠎ᠡ ᠦᠵᠡᠭᠦᠯᠬᠦ ᠡᠷᠦᠬᠡ ᠶᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠬᠤ ᠬᠡᠷᠡᠭᠲᠡᠢ᠃ | 3. ᠲᠥᠯᠦᠪᠵᠢᠭᠦᠯᠭᠡ ᠶᠢ ᠤᠷᠢᠳᠠᠪᠠᠷ ᠬᠢᠵᠦ᠂ ᠲᠤᠷᠰᠢᠯᠲᠠ ᠶᠢᠨ ᠴᠢᠭ ᠢᠶᠠᠷ ᠬᠥᠲᠥᠯᠥᠨ ᠳᠠᠭᠠᠭᠤᠯᠬᠤ | ᠬᠡᠷᠡᠭᠲᠡᠢ᠃ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠨ᠂ ᠰᠢᠰᠲ᠋ᠧᠮ ᠲᠠᠢ ᠪᠠᠷ ᠲᠥᠯᠥᠪᠵᠢᠭᠦᠯᠵᠦ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ᠂ ᠤᠷᠢᠳᠠᠪᠠᠷ ᠲᠥᠯᠥᠪᠵᠢᠭᠦᠯᠦᠨ᠂ ᠳᠠᠷᠠᠭ᠎ᠠ ᠨᠢ ᠪᠦᠲᠦᠭᠡᠨ ᠪᠠᠶᠢᠭᠤᠯᠬᠤ ᠬᠡᠷᠡᠭᠲᠡᠢ᠃ | ᠠᠶᠢᠯ ᠲᠣᠰᠬᠤᠨ ᠤ ᠲᠥᠯᠦᠪᠵᠢᠭᠦᠯᠭᠡ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ | ᠪᠣᠯᠣᠨ ᠲᠠᠷᠢᠶᠠᠴᠢᠨ ᠮᠠᠯᠴᠢᠳ ᠢ ᠨᠡᠭᠦᠯᠭᠡᠬᠦ ᠲᠥᠯᠦᠪᠵᠢᠭᠦᠯᠭᠡ ᠲᠠᠢ ᠤᠶᠠᠯᠳᠤᠭᠤᠯᠤᠨ᠂ ᠵᠣᠷᠯᠣᠩ ᠢ ᠥᠭᠡᠷᠡᠴᠢᠯᠡᠬᠦ | ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠭᠠᠯᠢ ᠶᠢᠨ | ᠳᠠᠪᠠᠭᠤᠯᠢᠭ ᠪᠠ ᠮᠠᠯᠴᠢᠨ ᠲᠠᠷᠢᠶᠠᠴᠢᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠯᠵᠢᠬᠤ | ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠲᠣᠰᠬᠤᠨ ᠤ | ᠳᠦᠷᠰᠦ ᠪᠠᠶᠢᠳᠠᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠰᠢᠨ᠎ᠡ | ᠮᠡᠷᠭᠡᠵᠢᠯ ᠤᠨ ᠵᠠᠭᠪᠤᠷ ᠢ ᠤᠷᠢᠳᠠᠪᠠᠷ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ | ᠲᠣᠭᠲᠠᠭᠤᠨ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ ᠳᠡᠯᠭᠡᠷᠡᠭᠦᠯᠬᠦ ᠬᠡᠷᠡᠭᠲᠡᠢ᠃ ᠵᠢᠱᠢᠶ᠎ᠡ ᠦᠵᠡᠭᠦᠯᠬᠦ ᠲᠣᠰᠬᠤᠨ᠂ | ᠵᠢᠱᠢᠶ᠎ᠡ ᠦᠵᠡᠭᠦᠯᠬᠦ ᠡᠷᠦᠬᠡ ᠶᠢ ᠪᠠᠶᠢᠭᠤᠯᠵᠤ᠂ ᠨᠡᠶᠢᠲᠡᠯᠢᠭ ᠵᠢᠱᠢᠶ᠎ᠡ ᠦᠵᠡᠭᠦᠯᠬᠦ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠎ᠠ᠃ | 4.ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠵᠤ᠂ ᠦᠷᠭᠦᠯᠵᠢᠯᠡᠨ | ᠬᠥᠭᠵᠢᠭᠦᠯᠬᠦ ᠬᠡᠷᠡᠭᠲᠡᠢ᠃ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ | ᠳᠠᠭᠠᠨ᠎ᠠ᠂ ᠨᠢᠭᠡ ᠶᠢ ᠪᠠᠶᠢᠭᠤᠯᠬᠤ᠂ ᠨᠢᠭᠡ ᠶᠢ ᠪᠦᠲᠦᠭᠡᠬᠦ ᠱᠠᠭᠠᠷᠳᠠᠯᠭ᠎ᠠ ᠶᠣᠰᠣᠭᠠᠷ᠂ ᠶᠡᠷᠦᠩᠬᠡᠢ ᠡᠭᠦᠷᠭᠡ ᠬᠢᠭᠡᠳ ᠱᠠᠲᠤ | ᠦᠶ᠎ᠡ ᠶᠢᠨ ᠴᠢᠨᠠᠷᠲᠠᠢ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠯᠠᠪᠳᠠᠭᠤᠨ ᠢᠶᠠᠷ ᠬᠡᠷᠡᠭᠵᠢᠭᠦᠯᠵᠦ᠂ ᠭᠠᠪᠢᠶ᠎ᠠ ᠳᠤ ᠰᠢᠨᠤᠬᠠᠶᠢᠷᠠᠵᠤ ᠭᠡᠨᠡᠨ | ᠤᠷᠤᠭᠰᠢᠯᠠᠬᠤ ᠦᠭᠡᠢ᠂ ᠶᠠᠭᠠᠷᠠᠵᠤ ᠪᠣᠯᠬᠤ ᠦᠭᠡᠢ ᠶᠤᠮ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ | ᠴᠢᠬᠤᠯᠠᠴᠢᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ | ᠪᠠᠶᠢᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠣᠷᠯᠣᠩ ᠢ ᠥᠭᠡᠷᠡᠴᠢᠯᠡᠬᠦ ᠠᠵᠢᠯ ᠤᠨ ᠪᠦᠬᠦ ᠶᠠᠪᠤᠴᠠ ᠳᠤ | ᠲᠤᠭᠤᠰᠢᠯᠠᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠡᠳᠦᠷ ᠲᠤᠳᠤᠮ ᠤᠨ ᠬᠠᠮᠢᠶᠠᠷᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ᠂ ᠲᠥᠬᠦᠭᠡᠷᠦᠮᠵᠢ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠴᠠᠭ ᠲᠤᠬᠠᠢ | ᠳᠤᠨᠢ ᠪᠣᠳᠠᠲᠠᠶᠢᠵᠢᠭᠤᠯᠬᠤ ᠶᠢ ᠪᠠᠲᠤᠯᠠᠵᠤ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠭᠰᠡᠨ ᠦᠷ᠎ᠡ ᠪᠦᠲᠦᠮᠵᠢ ᠨᠢ ᠲᠡᠦᠬᠡ ᠪᠠ ᠦᠢᠯᠡᠳᠦᠯᠭᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ | ︵ᠭᠤᠷᠪᠠ︶ᠠᠵᠢᠯ ᠤᠨ ᠬᠠᠷᠠᠯᠲᠠ ᠤᠯᠤᠰ ᠤᠨ ︽ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ | ᠲᠦᠭᠡᠮᠡᠯᠵᠢᠭᠦᠯᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠷᠯᠣᠩ ᠤᠨ ᠪᠠᠭᠠᠰᠤᠨ ᠪᠣᠬᠢᠷᠲᠤᠯ ᠢ | ᠪᠦᠲᠦᠮᠵᠢᠲᠡᠶ ᠰᠢᠢᠳᠪᠦᠷᠢᠯᠡᠬᠦ ᠪᠠ ᠡᠬᠢ ᠪᠠᠶᠠᠯᠢᠭ ᠤᠨ ᠠᠰᠢᠭᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠠᠰᠤᠷᠠᠯᠲᠠ | ᠦᠭᠡᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠴᠢᠨ ᠣᠯᠠᠨ ᠲᠦᠮᠡᠨ ᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ | ᠳᠠᠳᠬᠠᠯ ᠪᠠ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠳᠡᠮ ᠪᠣᠶ ᠪᠣᠯᠭᠠᠬᠤ︾ ᠬᠠᠷᠠᠯᠲᠠ ᠶᠢᠨ | ᠱᠠᠭᠠᠷᠳᠠᠯᠭ᠎ᠠ ᠶᠣᠰᠣᠭᠠᠷ᠂ ᠡᠷᠦᠬᠡ ᠶᠢᠨ ᠵᠣᠷᠯᠣᠩ ᠢ ᠥᠭᠡᠷᠡᠴᠢᠯᠡᠨ ᠮᠡᠳᠡᠭᠦᠯᠬᠦ ᠶᠢ ᠮᠡᠳᠡᠭᠦᠯᠬᠦ ᠲᠠᠰ ᠳᠠᠷᠠᠭᠠᠯᠠᠯ | ᠶᠣᠰᠣᠭᠠᠷ᠂ 2022 ᠣᠨ ᠤ ᠡᠴᠦᠰ ᠲᠤ ᠲᠠᠷᠢᠶᠠᠯᠠᠩ ᠳᠤ ᠬᠤᠯᠪᠣᠭᠳᠠᠬᠤ ᠡᠯ᠎ᠡ ᠭᠠᠵᠠᠷ ᠣᠷᠣᠨ ᠢ 2023 ᠣᠨ ᠤ | ᠡᠴᠦᠰ ᠲᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠲᠥᠯᠥᠪᠯᠡᠭᠡ ᠪᠠᠨ ᠮᠡᠳᠡᠭᠦᠯᠦᠨ ᠬᠦᠷᠭᠡᠪᠡ᠃ | ᠮᠠᠨ ᠤ ᠲᠣᠭᠤᠷᠢᠭ 2023 ᠣᠨ ᠳᠤ ᠮᠠᠯᠵᠢᠬᠤ ᠲᠠᠷᠢᠶᠠᠯᠠᠬᠤ ᠣᠷᠣᠨ ᠤ 85 ᠡᠷᠦᠬᠡ ᠶᠢᠨ ᠵᠣᠷᠯᠣᠩ ᠢ | ᠥᠭᠡᠷᠡᠴᠢᠯᠡᠬᠦ ᠪᠠᠷ ᠲᠥᠯᠥᠪᠯᠡᠵᠦ ᠪᠣᠶ᠂ ᠡᠭᠦᠨ ᠳᠤ ᠵᠢᠪᠬᠤᠯᠠᠩᠲᠤ ᠰᠤᠮᠤ 30᠂ ᠪᠡᠳᠭᠡᠷ ᠵᠣᠣ ᠪᠠᠯᠭᠠᠰᠤ 50᠂ ᠪᠠᠢ | ᠬᠤ᠋ ᠭᠧᠦ ᠵᠡᠭᠡᠯᠢ ᠭᠤᠳᠤᠮᠵᠢ 0᠂ ᠳ᠋ᠠ ᠳ᠋ᠧ ᠾᠧᠩ ᠵᠡᠭᠡᠯᠢ ᠭᠤᠳᠤᠮᠵᠢ 5 ᠪᠣᠶ᠃ ᠡᠷᠦᠬᠡ ᠶᠢᠨ ᠵᠣᠷᠯᠣᠩ ᠢ | ᠥᠭᠡᠷᠡᠴᠢᠯᠡᠬᠦ ᠵᠠᠭᠪᠤᠷ ᠶᠣᠰᠣᠭᠠᠷ ᠲᠠᠷᠠᠬᠠᠢ ᠬᠡᠯᠪᠡᠷᠢ ᠶᠢᠨ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ 80 ᠭᠡᠵᠦ | ᠬᠤᠪᠢᠶᠠᠨ᠎ᠠ᠂ ᠡᠭᠦᠨ ᠳᠤ ᠵᠢᠪᠬᠤᠯᠠᠩᠲᠤ ᠰᠤᠮᠤ 30᠂ ᠪᠡᠳᠬᠡᠷ ᠵᠣᠣ ᠪᠠᠯᠭᠠᠰᠤ 50 ᠪᠣᠶ︔ ᠮᠢᠺᠷᠣᠪ ᠤᠨ ᠤᠤᠯ | ᠪᠠᠶᠢᠷᠢ 5 ᠪᠠᠶᠢᠵᠤ᠂ ᠡᠭᠦᠨ ᠳᠤ ᠳ᠋ᠡ ᠳ᠋ᠧ ᠾᠧᠩ ᠵᠡᠭᠡᠯᠢ 5 ᠪᠣᠶ᠃ | ︵ᠳᠥᠷᠪᠡ︶ᠡᠷᠦᠬᠡ ᠶᠢᠨ ᠵᠣᠷᠯᠣᠩ ᠢ ᠥᠭᠡᠷᠡᠴᠢᠯᠡᠬᠦ ᠪᠡᠯᠡ ᠮᠥᠩᠭᠦ ᠶᠢᠨ ᠢᠷᠡᠯᠲᠡ ︽ᠮᠠᠯᠵᠢᠬᠤ ᠲᠠᠷᠢᠶᠠᠯᠠᠬᠤ | ᠣᠷᠣᠨ ᠤ ︿ᠵᠣᠷᠯᠣᠩ ᠤᠨ ᠬᠤᠪᠢᠰᠬᠠᠯ﹀ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠠᠵᠢᠯ ᠢ ᠥᠷᠨᠢᠭᠦᠯᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾᠂ | ︽2021 ᠣᠨ ᠤ ᠬᠤᠲᠠ ᠶᠢᠨ ᠲᠣᠰ ᠱᠠᠲᠤᠨ ᠤ ᠨᠢᠭᠡᠳᠦᠭᠡᠷ ᠪᠦᠯᠦᠭ ᠤᠨ ᠡᠳ᠋ ᠤᠨ ᠵᠠᠰᠠᠭ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ | ᠲᠥᠰᠥᠪ ᠢ ᠪᠠᠭᠤᠯᠭᠠᠬᠤ ᠲᠤᠬᠠᠢ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾᠂ | ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠮᠠᠯᠵᠢᠬᠤ ᠲᠠᠷᠢᠶᠠᠯᠠᠬᠤ ᠣᠷᠣᠨ ᠤ | ᠵᠣᠷᠯᠣᠩ ᠤᠨ ᠬᠤᠪᠢᠰᠬᠠᠯ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠤᠷᠢᠳᠴᠢᠯᠠᠨ | ᠪᠠᠭᠤᠯᠭᠠᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠷᠦᠬᠡ ᠶᠢᠨ ᠵᠣᠷᠯᠣᠩ ᠢ | ᠥᠭᠡᠷᠡᠴᠢᠯᠡᠨ ᠰᠠᠶᠢᠵᠢᠷᠠᠭᠤᠯᠬᠤ ᠪᠡᠯᠡ ᠮᠥᠩᠭᠦ ᠶᠢ ᠵᠠᠰᠠᠭ ᠤᠨ ᠣᠷᠳᠣᠨ ᠠᠴᠠ ᠨᠥᠬᠦᠪᠦᠷᠢᠯᠡᠬᠦ ᠪᠠ ᠲᠠᠷᠢᠶᠠᠴᠢᠨ | ᠡᠷᠦᠬᠡ ᠶᠢᠨ ᠥᠪᠡᠰᠦᠪᠡᠨ ᠪᠡᠯᠡᠳᠬᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠴᠤᠭᠯᠠᠭᠤᠯᠵᠤ᠂ ᠵᠠᠷᠴᠢᠮ | ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠠᠴᠠ ᠬᠠᠭᠤᠷᠠᠢ ᠵᠣᠷᠯᠣᠩ ᠳᠤ ᠡᠷᠦᠬᠡ ᠪᠦᠷᠢ ᠳᠤ 2000 ᠲᠥᠭᠦᠷᠢᠭ | ᠨᠥᠬᠦᠪᠦᠷᠢᠯᠡᠵᠦ᠂ ᠤᠰᠤᠨ ᠵᠣᠷᠯᠣᠩ ᠢ ᠡᠷᠦᠬᠡ ᠪᠦᠷᠢ ᠳᠤ 3300 ᠲᠥᠭᠦᠷᠢᠭ ᠨᠥᠬᠦᠪᠦᠷᠢᠯᠡᠨ᠎ᠡ︔ ᠪᠤᠭᠤᠲᠤ ᠬᠤᠲᠠ | ᠨᠢ ᠬᠠᠭᠤᠷᠠᠢ ᠵᠣᠷᠯᠣᠩ ᠳᠤ ᠡᠷᠦᠬᠡ ᠪᠦᠷᠢ ᠳᠤ 1000 ᠲᠥᠭᠦᠷᠢᠭ ᠨᠥᠬᠦᠪᠦᠷᠢᠯᠡᠵᠦ᠂ ᠤᠰᠤᠨ ᠵᠣᠷᠯᠣᠩ ᠢ ᠡᠷᠦᠬᠡ | ᠪᠦᠷᠢ ᠳᠤ 1000 ᠲᠥᠭᠦᠷᠢᠭ ᠨᠥᠬᠦᠪᠦᠷᠢᠯᠡᠨ᠎ᠡ᠃ ᠡᠷᠦᠬᠡ ᠶᠢᠨ ᠲᠥᠰᠥᠭᠡᠯᠡᠨ ᠪᠤᠳᠤᠭᠰᠠᠨ ᠳᠤᠮᠳᠠᠴᠢ ᠳᠠᠩ | ᠦᠨ᠎ᠡ ᠶᠢᠨ ᠪᠠᠷᠢᠮᠵᠢᠶ᠎ᠠ᠄ ᠤᠰᠤᠨ ᠵᠣᠷᠯᠣᠩ ᠢ ᠡᠷᠦᠬᠡ ᠪᠦᠷᠢ ᠳᠤ 6000 ᠲᠥᠭᠦᠷᠢᠭ᠂ ᠬᠠᠭᠤᠷᠠᠢ ᠵᠣᠷᠯᠣᠩ ᠢ | ᠡᠷᠦᠬᠡ ᠪᠦᠷᠢ ᠳᠤ 6100 ᠲᠥᠭᠦᠷᠢᠭ᠂ 2023 ᠣᠨ ᠤ ᠡᠷᠦᠬᠡ ᠶᠢᠨ ᠵᠣᠷᠯᠣᠩ ᠤᠨ ᠡᠭᠦᠷᠭᠡ 85 ᠡᠷᠦᠬᠡ | ︵ᠤᠰᠤᠨ ᠵᠣᠷᠯᠣᠩ 80 ᠡᠷᠦᠬᠡ᠂ ᠬᠠᠭᠤᠷᠠᠢ ᠵᠣᠷᠯᠣᠩ 5 ᠡᠷᠦᠬᠡ︶ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ 27.4 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠬᠤᠲᠠ ᠶᠢᠨ ᠱᠠᠲᠤᠨ ᠠᠴᠠ 8.5 | ᠲᠦᠮᠡᠨ ᠲᠥᠭᠦᠷᠢᠭ ︵2021 ᠣᠨ ᠳᠤ ᠡᠯ᠎ᠡ ᠭᠠᠵᠠᠷ ᠣᠷᠣᠨ ᠳᠤ ᠰᠢᠯᠵᠢᠭᠦᠯᠪᠡ︶ ᠲᠤ ᠲᠣᠬᠢᠷᠠᠭᠤᠯᠵᠤ᠂ ᠣᠷᠣᠨ ᠤ | ᠱᠠᠲᠤᠨ ᠳᠤ 14.85 ᠲᠦᠮᠡᠨ ᠲᠥᠭᠦᠷᠢᠭ ︵ᠲᠣᠰ ᠲᠥᠰᠥᠯ ᠳᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠳᠤ ᠲᠤᠰᠢᠶᠠᠭᠠᠳ ᠵᠥᠪᠰᠢᠶᠡᠷᠡᠭᠰᠡᠨ ᠤ ᠳᠠᠷᠠᠭ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠰᠠᠯᠭᠠᠨ ᠥᠭᠭᠦᠨ᠎ᠡ︶ | ᠂ ᠥᠪᠡᠷ ᠢᠶᠠᠨ 0. 3 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠡᠯ᠎ᠡ ᠱᠠᠲᠤᠨ ᠤ ᠨᠥᠬᠦᠪᠦᠷᠢ ᠶᠢᠨ | ᠪᠠᠷᠢᠮᠵᠢᠶ᠎ᠠ ᠶᠢ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠠᠷᠢᠭᠤᠨ ᠴᠡᠪᠡᠷ ᠤᠨ | ᠵᠣᠷᠯᠣᠩ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ᠂ ᠡᠭᠦᠨ ᠳᠤ ᠤᠰᠤᠨ ᠵᠣᠷᠯᠣᠩ ᠤᠨ ᠭᠡᠷ ᠤᠨ ᠪᠦᠲᠦᠭᠡᠨ | ᠪᠠᠶᠢᠭᠤᠯᠤᠯᠲᠠ ᠶᠢ ᠪᠠᠷᠢᠯᠭ᠎ᠠ ᠶᠢᠨ ᠲᠠᠯ᠎ᠠ ᠠᠴᠠ ᠬᠠᠷᠢᠭᠤᠴᠠᠵᠤ᠂ ᠳᠣᠲᠣᠭᠠᠳᠤ ᠶᠢᠨ ᠵᠣᠷᠯᠣᠩ ᠢ ᠲᠠᠷᠢᠶᠠᠴᠢᠨ ᠡᠷᠦᠬᠡ | ᠥᠪᠡᠰᠦᠪᠡᠨ ᠴᠤᠭᠯᠠᠭᠤᠯᠤᠨ᠎ᠠ᠃ | ᠡᠷᠦᠬᠡ ᠶᠢᠨ ᠵᠣᠷᠯᠣᠩ ᠢ ᠥᠭᠡᠷᠡᠴᠢᠯᠡᠬᠦ ᠳᠤ ᠱᠠᠩᠨᠠᠯ ᠨᠥᠬᠦᠪᠦᠷᠢ ᠶᠢᠨ ᠪᠡᠯᠡ ᠮᠥᠩᠭᠦ ᠭᠡᠳᠡᠭ ᠨᠢ | ᠭᠤᠣᠯᠳᠠᠭᠤ ᠤᠯᠤᠰ ᠤᠨ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠤᠨ ᠪᠥᠬᠦ ᠲᠣᠰᠬᠤᠨ ᠳᠤ ᠡᠳ᠋ ᠤᠨ | ᠵᠠᠰᠠᠭ ᠤᠨ ᠱᠠᠩᠨᠠᠯ ᠤᠨ ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠪᠡᠯᠡ ᠮᠥᠩᠭᠦ | ᠲᠣᠬᠢᠷᠠᠭᠤᠯᠬᠤ᠂ ᠬᠤᠲᠠ ᠶᠢᠨ ᠱᠠᠲᠤᠨ ᠤ ᠡᠳ᠋ ᠤᠨ ᠵᠠᠰᠠᠭ ᠪᠡᠯᠡ ᠮᠥᠩᠭᠦ ᠲᠣᠬᠢᠷᠠᠭᠤᠯᠬᠤ ᠪᠠ ᠣᠷᠣᠨ ᠤ ᠱᠠᠲᠤᠨ ᠤ | ᠲᠣᠬᠢᠷᠠᠭᠤᠯᠤᠯᠲᠠ ᠶᠢᠨ ᠪᠡᠯᠡ ᠮᠥᠩᠭᠦ ᠲᠣᠬᠢᠷᠠᠭᠤᠯᠬᠤ ᠶᠢ ᠵᠢᠭᠠᠵᠤ ᠪᠣᠶ᠂ ᠤᠯᠤᠰ ᠤᠨ ᠡᠳ᠋ ᠤᠨ ᠵᠠᠰᠠᠭ ᠤᠨ ᠶᠠᠮᠤᠨ ᠤ | ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ ᠪᠠ ᠣᠷᠣᠨ ᠤ ᠱᠠᠲᠤᠨ ᠤ ᠲᠥᠰᠥᠪ ᠠᠴᠠ | ᠲᠣᠬᠢᠷᠠᠭᠤᠯᠤᠭᠰᠠᠨ ᠲᠤᠰᠬᠠᠢ ᠪᠡᠯᠡ ᠮᠥᠩᠭᠦ ᠪᠠᠷ ᠰᠢᠢᠳᠪᠦᠷᠢᠯᠡᠵᠦ᠂ ᠤᠷᠢᠳᠠᠪᠠᠷ ᠤᠷᠢᠳᠴᠢᠯᠠᠨ ᠥᠭᠴᠦ᠂ ᠳᠠᠷᠠᠭ᠎ᠠ ᠨᠢ | ᠰᠢᠯᠭᠠᠨ ᠠᠪᠴᠤ ᠢᠯᠭᠠᠷᠠᠭᠤᠯᠤᠨ ᠪᠤᠳᠤᠬᠤ ᠠᠷᠭ᠎ᠠ ᠮᠠᠶ᠋ᠢᠭ ᠢᠶᠠᠷ ᠨᠥᠬᠦᠪᠦᠷᠢ ᠪᠡᠯᠡ ᠮᠥᠩᠭᠦ ᠰᠢᠯᠵᠢᠭᠦᠯᠦᠨ ᠥᠭᠬᠦ ᠶᠢ | ᠵᠢᠭᠠᠵᠤ ᠪᠣᠶ᠃ | | ᠬᠤᠶᠠᠷ᠂ ᠭᠤᠣᠯ ᠡᠭᠦᠷᠭᠡ | ︵ᠨᠢᠭᠡ︶ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠲᠠᠷᠢᠶᠠᠯᠠᠩ ᠳᠤ | ᠬᠤᠯᠪᠣᠭᠳᠠᠬᠤ ᠭᠠᠵᠠᠷ ᠣᠷᠣᠨ ᠨᠢ ᠬᠤᠲᠠ ᠶᠢᠨ ᠡᠷᠭᠢᠨ ᠲᠣᠭᠤᠷᠢᠨ᠂ ᠬᠥᠳᠡᠭᠡ ᠲᠣᠰᠬᠤᠨ᠂ ᠮᠠᠯᠵᠢᠬᠤ ᠣᠷᠣᠨ᠂ | ᠬᠠᠬᠢᠷ ᠬᠦᠢᠲᠡᠨ᠂ ᠤᠰᠤ ᠳᠤᠲᠠᠬᠤ ᠵᠡᠷᠭᠡ ᠠᠳᠠᠯᠢ ᠪᠤᠰᠤ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ | ᠬᠢᠷᠢ ᠬᠡᠮᠵᠢᠶ᠎ᠡ᠂ ᠪᠠᠶᠢᠭᠠᠯᠢ ᠶᠢᠨ ᠨᠥᠬᠦᠴᠡᠯ᠂ ᠵᠠᠩ ᠳᠠᠳᠬᠠᠯ ᠪᠣᠯᠣᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠬᠦᠴᠦᠷᠬᠡᠭ ᠪᠠᠭᠤᠷᠠᠢ ᠲᠠᠯ᠎ᠠ ᠵᠢᠴᠢ ᠣᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ | ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠳᠣᠣᠷ᠎ᠠ ᠠᠴᠠ ᠳᠡᠭᠡᠭᠰᠢ᠂ ᠳᠡᠭᠡᠳᠦ ᠳᠣᠣᠷᠠᠳᠤ ᠱᠠᠲᠤ ᠶᠢ ᠤᠶᠠᠯᠳᠤᠭᠤᠯᠬᠤ | ᠠᠷᠭ᠎ᠠ ᠮᠠᠶ᠋ᠢᠭ ᠢ ᠠᠪᠴᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ | ᠬᠠᠷᠠᠯᠲᠠ ᠶᠢᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠲᠠᠷᠢᠶᠠᠯᠠᠩ ᠳᠤ ᠬᠤᠯᠪᠣᠭᠳᠠᠭᠰᠠᠨ | ᠭᠠᠵᠠᠷ ᠣᠷᠣᠨ ᠢᠶᠠᠷ ᠨᠢᠭᠡᠴᠢ ᠪᠣᠯᠭᠠᠨ ᠮᠠᠯᠵᠢᠬᠤ ᠲᠠᠷᠢᠶᠠᠯᠠᠬᠤ ᠣᠷᠣᠨ ᠳᠠᠬᠢ ᠵᠤᠷᠯᠤᠩ ᠤᠨ ᠬᠤᠪᠢᠰᠬᠠᠯ ᠤᠨ | ᠲᠤᠰᠬᠠᠢ ᠵᠦᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠣᠨ ᠤ ᠡᠭᠦᠷᠭᠡ᠂ ᠪᠡᠯᠡ ᠮᠥᠩᠭᠦ ᠶᠢᠨ | ᠲᠣᠬᠢᠷᠠᠭᠤᠯᠤᠯᠲᠠ᠂ ᠮᠡᠷᠭᠡᠵᠢᠯ ᠤᠨ ᠵᠠᠭᠪᠤᠷ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ | ᠵᠣᠷᠯᠣᠩ ᠢ ᠥᠭᠡᠷᠡᠴᠢᠯᠡᠬᠦ ᠳᠤ ᠨᠢᠭᠡ ᠣᠷᠣᠨ ᠰᠠᠭᠤᠴᠠ ᠨᠢᠭᠡ ᠵᠣᠷᠯᠣᠩ ᠢ ᠬᠡᠷᠡᠭᠵᠢᠭᠦᠯᠵᠦ᠂ ᠣᠷᠳᠣ | ᠬᠤᠭᠤᠴᠠᠭ᠎ᠠ ᠪᠠᠷ ᠰᠠᠭᠤᠬᠤ ᠬᠥᠮᠥᠨ ᠦᠭᠡᠢ ᠪᠤᠶᠤ ᠭᠤᠷᠪᠠᠨ ᠵᠢᠯ ᠤᠨ ᠳᠣᠲᠣᠷ᠎ᠠ ᠨᠡᠭᠦᠯᠭᠡᠬᠦ ᠲᠥᠯᠥᠪᠯᠡᠭᠡ ᠲᠠᠢ | ᠮᠠᠯᠵᠢᠬᠤ ᠲᠠᠷᠢᠶᠠᠯᠠᠬᠤ ᠡᠷᠦᠬᠡ ᠶᠢ ᠥᠭᠡᠷᠡᠴᠢᠯᠡᠬᠦ ᠲᠥᠯᠥᠪᠯᠡᠭᠡ ᠳᠤ ᠣᠷᠣᠭᠤᠯᠬᠤ ᠦᠭᠡᠢ᠂ ᠵᠣᠷᠯᠣᠩ ᠢ ᠥᠭᠡᠷᠡᠴᠢᠯᠡᠬᠦ | ᠡᠷᠦᠬᠡ ᠶᠢᠨ ᠲᠤᠭ᠎ᠠ ᠰᠠᠭᠤᠷᠢ ᠲᠤᠭ᠎ᠠ ᠪᠠᠷ ᠪᠤᠳᠤᠬᠤ ᠦᠭᠡᠢ᠃ ᠵᠣᠷᠯᠣᠩ ᠤᠨ ᠥᠭᠡᠷᠡᠴᠢᠯᠡᠯᠲᠡ ᠶᠢ ᠡᠩ | ᠲᠡᠷᠢᠭᠦᠨ ᠳᠤ ᠶᠠᠪᠤᠭᠤᠯᠬᠤ ᠳᠡᠰ ᠳᠠᠷᠠᠭᠠᠯᠠᠯ ᠢ ᠵᠦᠢ ᠵᠣᠬᠢᠰᠲᠠᠢ ᠲᠣᠭᠲᠠᠭᠠᠵᠤ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠢᠳᠠᠪᠤᠷᠢ ᠪᠠᠷ ᠴᠢᠩᠭ᠎ᠠ᠂ ᠮᠠᠯᠴᠢᠨ ᠲᠠᠷᠢᠶᠠᠴᠢᠨ ᠲᠦᠮᠡᠨ ᠤ ᠬᠦᠰᠡᠯ ᠰᠠᠨᠠᠭ᠎ᠠ ᠪᠠᠷ ᠥᠨᠳᠥᠷ᠂ | ᠮᠡᠷᠭᠡᠵᠢᠯ ᠤᠨ ᠵᠠᠭᠪᠤᠷ ᠨᠢ ᠪᠣᠯᠪᠠᠰᠤᠷᠠᠩᠭᠤᠢ ᠪᠣᠯᠤᠭᠰᠠᠨ᠂ ᠬᠠᠮᠢᠶᠠᠷᠴᠤ ᠬᠠᠮᠠᠭᠠᠯᠠᠬᠤ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠬᠦ ᠪᠠ ᠪᠡᠯᠡ ᠮᠥᠩᠭᠦ ᠴᠤᠭᠯᠠᠭᠤᠯᠬᠤ ᠳᠤ ᠪᠠᠲᠤᠯᠠᠭ᠎ᠠ ᠲᠠᠢ ᠭᠠᠴᠠᠭ᠎ᠠ ᠲᠣᠰᠬᠤᠨ ᠢ ᠰᠣᠩᠭᠤᠵᠤ | ᠤᠷᠢᠳᠠᠪᠠᠷ ᠠᠬᠢᠭᠤᠯᠤᠨ᠎ᠠ᠃ ᠲᠠᠷᠠᠬᠠᠢ ᠪᠤᠲᠠᠷᠬᠠᠢ᠂ ᠭᠠᠵᠠᠷ ᠳᠣᠣᠷᠠᠬᠢ ᠤᠰᠤᠨ ᠤ ᠬᠡᠮᠵᠢᠶ᠎ᠡ ᠪᠠᠷ ᠥᠨᠳᠥᠷ ᠪᠠᠶᠢᠭ᠎ᠠ | ᠭᠠᠵᠠᠷ ᠣᠷᠣᠨ ᠳᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠤᠯᠠᠨ ᠲᠦᠮᠡᠨ ᠮᠡᠳᠡᠷᠡᠭᠰᠡᠨ ᠤ ᠲᠠᠷᠠᠭ᠎ᠠ᠂ ᠲᠠᠬᠢᠨ | ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠢ︔ ᠤᠯᠠᠨ ᠲᠦᠮᠡᠨ ᠤ ᠬᠦᠰᠡᠯ ᠰᠠᠨᠠᠭ᠎ᠠ ᠥᠨᠳᠥᠷ ᠪᠢᠰᠢ᠂ ᠵᠣᠷᠯᠣᠩ ᠢ | ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠡᠳᠦᠢ ᠭᠠᠵᠠᠷ ᠣᠷᠣᠨ ᠢ ᠲᠦᠷ ᠬᠤᠶᠢᠰᠢᠯᠠᠭᠤᠯᠤᠨ ᠠᠬᠢᠭᠤᠯᠵᠤ ᠪᠣᠯᠣᠨ᠎ᠠ︔ | ᠬᠤᠭᠤᠰᠤᠨ ᠲᠣᠰᠬᠤᠨ᠂ ᠨᠡᠭᠦᠭᠰᠡᠨ ᠲᠣᠰᠬᠤᠨ ᠢ ᠨᠡᠶᠢᠲᠡ ᠶᠢᠨ ᠵᠣᠷᠯᠣᠩ ᠢ ᠪᠠᠶᠢᠭᠤᠯᠬᠤ ᠪᠠᠷ ᠳᠠᠮᠵᠢᠭᠤᠯᠤᠨ | ᠮᠠᠯᠴᠢᠨ ᠲᠠᠷᠢᠶᠠᠴᠢᠨ ᠤ ᠠᠷᠢᠭᠤᠨ ᠴᠡᠪᠡᠷ ᠵᠣᠷᠯᠣᠩ ᠤᠨ ᠬᠡᠷᠡᠭᠴᠡᠭᠡ ᠶᠢ ᠰᠢᠢᠳᠪᠦᠷᠢᠯᠡᠵᠦ ᠪᠣᠯᠣᠨ᠎ᠠ᠃ ᠮᠠᠯᠵᠢᠬᠤ | ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠰᠣᠶᠣᠯ ᠤᠨ ᠠᠵᠢᠯᠯᠠᠭᠠᠨ ᠤ ᠲᠥᠪ᠂ ᠳᠤᠮᠳᠠᠳᠤ | ᠪᠠᠭ᠎ᠠ ᠰᠤᠷᠭᠠᠭᠤᠯᠢ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠲᠥᠪ | ᠲᠣᠰᠬᠤᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠨᠡᠭᠦᠳᠡᠯ ᠬᠥᠮᠥᠨ ᠠᠮᠠ ᠨᠡᠯᠢᠶᠡᠳ ᠲᠥᠪᠯᠡᠷᠡᠭᠰᠡᠨ | ᠣᠷᠣᠨ ᠪᠦᠰᠡ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠬᠤᠶᠠᠷ︶ᠵᠣᠷᠯᠣᠩ ᠢ ᠥᠭᠡᠷᠡᠴᠢᠯᠡᠬᠦ ᠶᠠᠪᠤᠴᠠ ᠪᠠ ᠵᠠᠭᠪᠤᠷ ᠢ ᠴᠢᠩᠳᠠᠯᠠᠨ᠎ᠠ᠃ ᠣᠯᠠᠨ ᠲᠦᠮᠡᠨ ᠤ ᠬᠦᠰᠡᠯ | ᠰᠠᠨᠠᠭ᠎ᠠ ᠶᠢ ᠭᠦᠢᠴᠡᠳ ᠬᠦᠨᠳᠦᠳᠬᠡᠵᠦ᠂ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠥᠭᠡᠷᠡᠴᠢᠯᠡᠬᠦ | ᠳᠤᠷᠠᠲᠠᠢ ᠶᠢ ᠨᠢ ᠪᠦᠬᠦᠨ ᠢ ᠥᠭᠡᠷᠡᠴᠢᠯᠡᠵᠦ᠂ ᠳᠣᠣᠷ᠎ᠠ ᠠᠴᠠ ᠳᠡᠭᠡᠭᠰᠢ ᠪᠠᠶᠢᠳᠠᠯ ᠢ ᠣᠶᠢᠯᠠᠭᠠᠨ ᠵᠢᠭᠰᠠᠭᠠᠵᠤ᠂ | ᠵᠣᠷᠯᠣᠩ ᠢ ᠥᠭᠡᠷᠡᠴᠢᠯᠡᠬᠦ ᠬᠡᠷᠡᠭᠴᠡᠭᠡ ᠱᠠᠭᠠᠷᠳᠠᠯᠭ᠎ᠠ ᠶᠢᠨ ᠡᠬᠡ ᠲᠠᠩᠰᠠ ᠶᠢ ᠪᠠᠶᠢᠭᠤᠯᠤᠨ᠎ᠠ᠃ ᠵᠣᠷᠯᠣᠩ ᠢ | ᠥᠭᠡᠷᠡᠴᠢᠯᠡᠬᠦ ᠬᠦᠰᠡᠯ ᠡᠷᠡᠮᠡᠯᠵᠡᠯ ᠤᠨ ᠪᠠᠶᠢᠴᠠᠭᠠᠯᠲᠠ᠂ ᠵᠣᠷᠯᠣᠩ ᠢ ᠥᠭᠡᠷᠡᠴᠢᠯᠡᠬᠦ ᠵᠠᠭᠪᠤᠷ ᠢ ᠰᠣᠩᠭᠤᠬᠤ᠂ | ᠰᠠᠨᠠᠮᠵᠢ ᠶᠢᠨ ᠪᠢᠴᠢᠭ ᠲᠣᠭᠲᠠᠬᠤ᠂ ᠮᠠᠯᠴᠢᠨ ᠲᠠᠷᠢᠶᠠᠴᠢᠨ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠠᠷᠢᠶᠠᠯᠠᠩ ᠳᠤ | ᠬᠤᠯᠪᠣᠭᠳᠠᠬᠤ ᠭᠠᠵᠠᠷ ᠣᠷᠣᠨ ᠳᠤ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠪᠠᠷ ᠮᠡᠳᠡᠭᠦᠯᠬᠦ ᠴᠤᠪᠤᠷᠠᠯ ᠢ ᠴᠢᠩᠳᠠᠯᠠᠨ᠎ᠠ᠃ | ᠣᠯᠠᠨ ᠲᠦᠮᠡᠨ ᠤ ᠬᠦᠯᠢᠶᠡᠨ ᠠᠪᠬᠤ᠂ ᠳᠥᠭᠦᠮ ᠪᠥᠭᠡᠳ ᠲᠣᠬᠢᠷᠠᠮᠵᠢᠲᠠᠢ᠂ ᠮᠡᠷᠭᠡᠵᠢᠯ ᠪᠣᠯᠪᠠᠰᠤᠷᠠᠩᠭᠤᠢ᠂ | ᠬᠠᠮᠠᠭᠠᠯᠠᠬᠤ ᠳᠤ ᠳᠥᠭᠦᠮ᠂ ᠪᠣᠬᠢᠷᠲᠤᠯ ᠦᠭᠡᠢ ᠣᠯᠠᠨ ᠨᠡᠶᠢᠲᠡ ᠶᠢᠨ ᠤᠰᠤᠨ ᠴᠣᠭᠴᠠ ᠶᠢ ᠪᠣᠬᠢᠷᠲᠤᠭᠤᠯᠬᠤ | ᠱᠠᠭᠠᠷᠳᠠᠯᠭ᠎ᠠ ᠶᠣᠰᠣᠭᠠᠷ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠮᠡᠷᠭᠡᠵᠢᠯ ᠤᠨ ᠨᠤᠲᠠᠯᠠᠯᠲᠠ | ᠬᠢᠬᠦ᠂ ᠵᠠᠭᠪᠤᠷ ᠬᠠᠷᠢᠴᠠᠭᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ | ᠬᠤᠣᠷ ᠦᠭᠡᠢ ᠠᠷᠢᠭᠤᠨ ᠴᠡᠪᠡᠷ ᠵᠣᠷᠯᠣᠩ ᠢ ᠥᠭᠡᠷᠡᠴᠢᠯᠡᠬᠦ ᠵᠠᠭᠪᠤᠷ ᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠵᠣᠷᠯᠣᠩ ᠢ ᠥᠭᠡᠷᠡᠴᠢᠯᠡᠬᠦ ᠵᠠᠭᠪᠤᠷ ᠢ ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ | ᠵᠢᠷᠤᠮᠵᠢᠯ ᠳᠤ ᠨᠡᠶᠢᠴᠡᠭᠦᠯᠬᠦ ᠶᠢᠨ ᠬᠠᠮᠲᠤ ᠨᠠᠭᠠᠲᠤ ᠵᠠᠬ᠎ᠠ ᠳᠠᠭᠠᠨ ᠨᠢᠭᠡ ᠦᠶᠡᠯᠡᠯ ᠤᠨ ᠲᠤᠷᠰᠢᠯᠲᠠ ᠬᠢᠵᠦ᠂ | ᠪᠣᠯᠪᠠᠰᠤᠷᠠᠭᠰᠠᠨ ᠤ ᠳᠠᠷᠠᠭ᠎ᠠ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠢ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠡᠷᠡᠭ ᠤᠨ ᠡᠮᠦᠨᠡᠬᠢ᠂ ᠬᠡᠷᠡᠭ ᠤᠨ ᠳᠤᠮᠳᠠ᠂ ᠬᠡᠷᠡᠭ ᠤᠨ ᠳᠠᠷᠠᠭᠠᠬᠢ ᠬᠢᠨᠠᠯᠲᠠ ᠲᠠᠯᠪᠢᠵᠤ | ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠶᠢ ᠪᠠᠶᠢᠭᠤᠯᠬᠤ᠂ ᠨᠢᠭᠡ ᠶᠢ | ᠪᠦᠲᠦᠭᠡᠬᠦ᠂ ᠨᠢᠭᠡ ᠶᠢ ᠬᠡᠷᠡᠭᠯᠡᠬᠦ ᠶᠢ ᠪᠡᠶᠡᠯᠡᠭᠦᠯᠵᠦ᠂ ᠨᠢᠭᠡ ᠵᠢᠯ ᠤᠨ ᠳᠥᠷᠪᠡᠨ ᠤᠯᠠᠷᠢᠯ ᠳᠤ ᠴᠥᠮ ᠬᠡᠷᠡᠭᠯᠡᠵᠦ ᠪᠣᠯᠬᠤ︾ | ᠶᠢ ᠪᠡᠶᠡᠯᠡᠭᠦᠯᠦᠨ᠎ᠡ᠃ ᠲᠤᠨᠤᠭ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠪᠠᠭᠠᠰᠤᠨ ᠪᠣᠬᠢᠷᠲᠤᠯ ᠢ | ᠵᠠᠰᠠᠬᠤ ᠪᠠ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠨᠢᠭᠡ ᠴᠣᠭᠴᠠᠵᠢᠭᠤᠯᠤᠨ ᠵᠠᠰᠠᠬᠤ ᠶᠢ | ᠬᠠᠮᠵᠢᠯᠴᠠᠨ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠤᠷᠮ᠎ᠠ ᠶᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠵᠣᠷᠯᠣᠩ ᠬᠡᠷᠡᠭᠯᠡᠬᠦ ᠨᠥᠬᠦᠴᠡᠯ ᠢ ᠰᠠᠶᠢᠵᠢᠷᠠᠭᠤᠯᠬᠤ | ᠬᠡᠷᠡᠭᠲᠡᠢ᠃ ᠦᠢᠯᠡᠳᠦᠯᠭᠡ ᠪᠠᠷ ᠳᠠᠮᠵᠢᠨ ᠮᠠᠨ ᠤ ᠣᠷᠣᠨ ᠳᠤ ᠲᠣᠬᠢᠷᠠᠬᠤ ᠵᠣᠷᠯᠣᠩ ᠢ ᠥᠭᠡᠷᠡᠴᠢᠯᠡᠬᠦ ᠭᠤᠣᠯ | ᠵᠠᠭᠪᠤᠷ ᠲᠤ᠄ ᠲᠠᠷᠠᠬᠠᠢ ᠬᠡᠯᠪᠡᠷᠢ ᠶᠢᠨ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ᠂ ᠮᠢᠺᠷᠣᠪ ᠤᠨ ᠤᠭ ᠪᠠᠶᠢᠷᠢ ᠨᠢ | ᠵᠠᠳᠠᠷᠠᠭᠤᠯᠬᠤ ᠵᠣᠷᠯᠣᠩ ᠵᠡᠷᠭᠡ ᠪᠣᠶ᠃ ᠵᠣᠷᠯᠣᠩ ᠢ ᠥᠭᠡᠷᠡᠴᠢᠯᠡᠬᠦ ᠪᠣᠳᠠᠲᠠᠢ ᠵᠠᠭᠪᠤᠷ ᠢ ᠡᠯ᠎ᠡ ᠰᠢᠶᠠᠩ ᠪᠠᠯᠭᠠᠰᠤ | ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ︽ᠬᠡᠨ ᠪᠠᠷᠢᠯᠭ᠎ᠠ ᠪᠠᠷᠢᠪᠠᠯ ᠬᠡᠨ ᠳᠠᠭᠠᠭᠠᠴᠢᠯᠠᠯᠲᠠ ᠵᠠᠷᠯᠠᠬᠤ︾ | ᠵᠠᠷᠴᠢᠮ ᠶᠣᠰᠣᠭᠠᠷ᠂ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠡᠷᠡᠭᠵᠢᠭᠦᠯᠬᠦ ᠭᠤᠣᠯ ᠴᠣᠭᠴᠠ ᠨᠢ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢ ᠬᠡᠷᠡᠭᠯᠡᠨ ᠵᠣᠷᠯᠣᠩ ᠢ ᠥᠭᠡᠷᠡᠴᠢᠯᠡᠬᠦ | ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠡ ᠪᠠ ᠬᠢᠨᠠᠨ ᠬᠠᠮᠢᠶᠠᠷᠬᠤ ᠨᠢᠭᠡᠴᠡ ᠶᠢ ᠲᠣᠭᠲᠠᠭᠠᠵᠤ᠂ ᠬᠡᠷᠡᠭᠵᠢᠭᠦᠯᠬᠦ | ᠭᠤᠣᠯ ᠴᠣᠭᠴᠠ ᠨᠢ ᠳᠠᠭᠠᠭᠠᠴᠢᠯᠠᠯᠲᠠ ᠣᠯᠣᠭᠰᠠᠨ ᠨᠢᠭᠡᠴᠡ ᠯᠦᠭᠡ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠭᠡᠷ᠎ᠡ | ᠲᠣᠭᠲᠠᠬᠤ ᠬᠡᠷᠡᠭᠲᠡᠢ᠃ | ︵ᠭᠤᠷᠪᠠ︶ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ | ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ | ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠪᠠᠶᠢᠭᠤᠯᠬᠤ᠂ ᠰᠢᠯᠭᠠᠨ ᠠᠪᠬᠤ᠂ | ᠪᠡᠯᠡᠳᠬᠡᠮᠵᠢ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠵᠢᠴᠢ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠵᠡᠷᠭᠡ ᠬᠦᠷᠢᠶᠡᠨ ᠳᠠᠬᠢ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ | ᠢᠳᠡᠪᠬᠢᠲᠡᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠡᠷᠡᠭᠯᠡᠬᠦ ᠵᠣᠷᠯᠣᠩ ᠢ ᠪᠠᠶᠢᠭᠤᠯᠬᠤ | ᠵᠡᠷᠭᠡ ᠬᠠᠮᠢᠶ᠎ᠠ ᠪᠦᠬᠦᠢ ᠪᠠᠷᠢᠮᠵᠢᠶᠠᠵᠢᠭᠤᠯᠬᠤ ᠲᠤᠷᠰᠢᠯᠲᠠ ᠶᠢ ᠥᠷᠨᠢᠭᠦᠯᠵᠦ᠂ ᠬᠠᠭᠤᠯᠪᠤᠷᠢᠯᠠᠵᠤ ᠪᠣᠯᠬᠤ ᠪᠠ | ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠰᠦᠪᠡᠭᠴᠢᠯᠡᠨ ᠳ᠋ᠦᠩᠨᠡᠬᠦ ᠬᠡᠷᠡᠭᠲᠡᠢ᠃ ᠲᠣᠭᠤᠷᠢᠭ᠂ ᠰᠢᠶᠠᠩ ᠪᠠᠯᠭᠠᠰᠤ | ᠬᠤᠶᠠᠷ ᠱᠠᠲᠤᠨ ᠤ ᠵᠣᠷᠯᠣᠩ ᠤᠨ ᠬᠤᠪᠢᠰᠬᠠᠯ ᠤᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ | ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠶᠢ ᠵᠣᠬᠢᠶᠠᠨ ᠪᠠᠶᠢᠭᠤᠯᠵᠤ᠂ ᠬᠠᠬᠢᠷ | ᠬᠦᠢᠲᠡᠨ ᠭᠠᠩ ᠬᠠᠭᠰᠠᠷᠠᠭᠠᠨ ᠳᠤ ᠲᠣᠬᠢᠷᠠᠬᠤ ᠵᠡᠷᠭᠡ ᠭᠠᠵᠠᠷ ᠣᠷᠣᠨ ᠤ ᠮᠡᠷᠭᠡᠵᠢᠯ ᠤᠨ ᠵᠠᠭᠪᠤᠷ ᠢ ᠰᠤᠳᠤᠯᠤᠨ | ᠰᠦᠪᠡᠭᠴᠢᠯᠡᠵᠦ᠂ ᠵᠣᠷᠯᠣᠩ ᠢ ᠥᠭᠡᠷᠡᠴᠢᠯᠡᠬᠦ ᠠᠵᠢᠯ ᠳᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠨ᠎ᠠ᠃ | ︵ᠳᠥᠷᠪᠡ︶ᠪᠠᠷᠢᠯᠭ᠎ᠠ ᠶᠢᠨ ᠶᠠᠰᠤ ᠴᠢᠨᠠᠷ ᠪᠣᠯᠣᠨ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠬᠤ | ᠬᠡᠷᠡᠭᠲᠡᠢ᠃ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠪᠠᠷ | ᠮᠠᠲ᠋ᠧᠷᠢᠶᠠᠯ ᠰᠣᠩᠭᠤᠬᠤ ᠶᠠᠰᠤ ᠴᠢᠨᠠᠷ ᠤᠨ ᠪᠠᠷᠢᠮᠵᠢᠶ᠎ᠠ ᠪᠠ ᠮᠡᠷᠭᠡᠵᠢᠯ ᠤᠨ ᠪᠣᠯᠵᠣᠯᠲᠤ ᠲᠤᠭ᠎ᠠ ᠶᠢ ᠴᠢᠩᠭ᠎ᠠ | ᠬᠡᠷᠡᠭᠵᠢᠭᠦᠯᠦᠨ᠂ ᠦᠢᠯᠡᠳᠬᠦᠨ ᠤ ᠶᠠᠰᠤ ᠴᠢᠨᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠵᠤ᠂ ᠬᠢᠷᠢ ᠲᠡᠩᠴᠡᠬᠦ ᠦᠭᠡᠢ ᠦᠢᠯᠡᠳᠬᠦᠨ ᠪᠠ ᠠᠵᠤ ᠠᠬᠤᠶᠢᠯᠠᠯ ᠢ ᠬᠠᠷ᠎ᠠ ᠳᠠᠩᠰᠠᠨ ᠳᠤ ᠵᠢᠭᠰᠠᠭᠠᠨ | ᠣᠷᠣᠭᠤᠯᠵᠤ᠂ ᠢᠲᠡᠭᠡᠮᠵᠢ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠵᠣᠷᠯᠣᠩ ᠢ | ᠥᠭᠡᠷᠡᠴᠢᠯᠡᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠵᠣᠷᠯᠣᠩ ᠤᠨ ᠬᠡᠷᠡᠭᠰᠡᠯ ᠢ | ᠰᠢᠯᠭᠠᠨ ᠠᠪᠬᠤ᠂ ᠰᠠᠭᠤᠷᠢ ᠨᠦᠬᠡ ᠶᠢ ᠨᠡᠭᠡᠭᠡᠨ ᠮᠠᠯᠲᠠᠬᠤ᠂ ᠪᠠᠭᠠᠰᠤᠨ ᠲᠠᠲᠠᠭᠠᠯ ᠪᠠ ᠬᠤᠭᠤᠯᠠᠢ ᠶᠢ ᠤᠭᠰᠠᠷᠠᠬᠤ᠂ | ᠵᠣᠷᠯᠣᠩ ᠤᠨ ᠪᠦᠲᠦᠭᠡᠨ ᠪᠠᠶᠢᠭᠤᠯᠤᠯᠲᠠ᠂ ᠪᠠᠭᠠᠰᠤᠨ ᠮᠠᠰᠢᠨ ᠢ ᠤᠭᠰᠠᠷᠠᠬᠤ ᠪᠠ ᠲᠠᠩᠰᠠ ᠡᠪᠬᠡᠮᠡᠯ ᠤᠨ ᠮᠠᠲ᠋ᠧᠷᠢᠶᠠᠯ | ᠵᠡᠷᠭᠡ ᠵᠢᠷᠭᠤᠭᠠᠨ ᠲᠠᠯ᠎ᠠ ᠶᠢᠨ ᠵᠢᠷᠤᠮᠵᠢᠯ ᠤᠨ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ︔ ᠬᠥᠳᠡᠭᠡ ᠲᠣᠰᠬᠤᠨ ᠤ | ᠵᠣᠷᠯᠣᠩ ᠢ ᠥᠭᠡᠷᠡᠴᠢᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠢᠶᠠᠩ | ᠪᠠᠯᠭᠠᠰᠤ ᠪᠠ ᠭᠠᠴᠠᠭ᠎ᠠ ᠲᠣᠰᠬᠤᠨ ᠤ ᠬᠢᠨ ᠵᠣᠷᠯᠣᠩ ᠢ ᠥᠭᠡᠷᠡᠴᠢᠯᠡᠬᠦ ᠪᠠᠷᠢᠯᠭ᠎ᠠ ᠶᠢᠨ ᠲᠤᠬᠠᠢ ᠶᠢᠨ ᠭᠠᠵᠠᠷ ᠤᠨ | ᠶᠠᠰᠤ ᠴᠢᠨᠠᠷ ᠢ ᠲᠣᠭᠤᠷᠢᠨ ᠪᠠᠶᠢᠴᠠᠭᠠᠬᠤ ᠪᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠵᠣᠷᠯᠣᠩ ᠢ ᠥᠭᠡᠷᠡᠴᠢᠯᠡᠬᠦ ᠠᠵᠢᠯ ᠢ ᠡᠷᠬᠡᠪᠰᠢ ᠬᠢᠷᠢ ᠴᠢᠳᠠᠮᠵᠢ ᠲᠠᠢ ᠪᠠᠷᠢᠯᠭ᠎ᠠ ᠶᠢᠨ ᠡᠩᠨᠡᠭᠡ ᠪᠠᠷ ᠡᠭᠦᠷᠭᠡᠯᠡᠭᠦᠯᠵᠦ᠂ | ᠪᠠᠷᠢᠯᠭ᠎ᠠ ᠶᠢᠨ ᠠᠵᠢᠯᠲᠠᠳ ᠪᠣᠯᠪᠠᠰᠤᠷᠠᠭᠤᠯᠤᠯ ᠬᠢᠬᠦ ᠴᠢᠬᠤᠯᠠᠲᠠᠢ ᠪᠠᠶᠢᠬᠤ ᠬᠡᠷᠡᠭᠲᠡᠢ︔ ᠪᠠᠷᠢᠯᠭ᠎ᠠ ᠶᠢᠨ ᠶᠠᠰᠤ ᠴᠢᠨᠠᠷ | ᠪᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ | ᠪᠠᠷᠢᠯᠭ᠎ᠠ ᠪᠠᠷᠢᠬᠤ ᠵᠢᠴᠢ ᠰᠢᠯᠭᠠᠨ ᠠᠪᠬᠤ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠡᠰ ᠳᠠᠷᠠᠭᠠᠯᠠᠯ ᠢ ᠴᠢᠩᠳᠠᠯᠠᠵᠤ᠂ ᠭᠤᠷᠪᠠᠳᠠᠭᠢ ᠡᠲᠡᠭᠡᠳ ᠤᠨ ᠬᠢᠨᠠᠨ | ᠬᠠᠮᠢᠶᠠᠷᠬᠤ ᠨᠢᠭᠡᠴᠡ ᠶᠢ ᠤᠷᠢᠵᠤ ᠵᠣᠷᠯᠣᠩ ᠢ ᠥᠭᠡᠷᠡᠴᠢᠯᠡᠬᠦ ᠪᠦᠬᠦ ᠶᠠᠪᠤᠴᠠ ᠳᠤ ᠬᠢᠨᠠᠨ ᠬᠠᠮᠢᠶᠠᠷᠬᠤ ᠬᠡᠷᠡᠭᠲᠡᠢ᠃ | ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠬᠤ ᠪᠣᠭᠤᠮᠲᠠ ᠶᠢ ᠴᠢᠩᠭ᠎ᠠ ᠰᠠᠬᠢᠵᠤ᠂ ᠵᠠᠰᠠᠭ ᠤᠨ ᠣᠷᠳᠣᠨ ᠤ ᠰᠠᠯᠠᠭ᠎ᠠ | ᠮᠥᠴᠢᠷ᠂ ᠮᠠᠯᠴᠢᠨ ᠲᠠᠷᠢᠶᠠᠴᠢᠨ᠂ ᠭᠤᠷᠪᠠᠳᠠᠭᠢ ᠡᠲᠡᠭᠡᠳ ᠬᠤᠯᠪᠤᠭᠠᠯᠠᠨ ᠭᠠᠴᠠᠭ᠎ᠠ ᠲᠤᠰᠬᠤᠨ ᠳᠠᠷᠠᠭᠠᠯᠠᠨ ᠰᠢᠯᠭᠠᠨ | ᠬᠤᠷᠢᠶᠠᠬᠤ ᠠᠵᠢᠯ ᠢ ᠶᠠᠪᠤᠭᠳᠠᠭᠤᠯᠵᠤ᠂ ᠰᠢᠯᠭᠠᠨ ᠠᠪᠤᠭᠰᠠᠨ ᠦᠷ᠎ᠡ ᠳ᠋ᠦᠩ ᠢ ᠲᠠᠷᠢᠶᠠᠴᠢᠨ ᠡᠷᠦᠭᠡ᠂ ᠭᠠᠴᠠᠭᠠᠨ ᠤ | ᠠᠷᠠᠳ ᠤᠨ ᠵᠥᠪᠯᠡᠯ᠂ ᠲᠠᠷᠢᠶᠠᠯᠠᠩ ᠳᠤ ᠬᠤᠯᠪᠣᠭᠳᠠᠭᠰᠠᠨ ᠭᠠᠵᠠᠷ ᠣᠷᠣᠨ᠂ ᠭᠤᠷᠪᠠᠳᠠᠭᠢ ᠡᠲᠡᠭᠡᠳ ︵ᠬᠢᠨᠠᠨ | ᠬᠠᠮᠢᠶᠠᠷᠬᠤ ᠨᠢᠭᠡᠴᠢ︶︶ᠬᠠᠮᠲᠤ ᠪᠠᠷ ᠭᠠᠷ ᠤᠨ ᠦᠰᠦᠭ ᠵᠢᠷᠤᠵᠤ ᠨᠤᠲᠠᠯᠠᠨ ᠵᠥᠪᠰᠢᠶᠡᠷᠡᠨ᠎ᠡ᠃ ᠬᠤᠲᠠ ᠶᠢᠨ ᠱᠠᠲᠤᠨ ᠤ | ᠳᠠᠬᠢᠨ ᠰᠢᠯᠭᠠᠬᠤ᠂ ᠥᠪᠡᠷᠲᠡᠭᠡᠨ ᠵᠠᠰᠠᠬᠤ ᠣᠷᠣᠨ ᠠᠴᠠ ᠰᠤᠭᠤᠴᠢᠨ ᠪᠠᠶᠢᠴᠠᠭᠠᠵᠤ᠂ ᠠᠵᠢᠯᠯᠠᠭᠠᠨ ᠤ ᠬᠡᠷᠡᠭᠯᠡᠯᠲᠡ ᠶᠢᠨ | ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠠᠪᠬᠤ ᠭᠦᠢᠴᠡᠳᠬᠡᠯ ᠲᠤᠭ᠎ᠠ ᠳᠤ | ᠣᠷᠣᠭᠤᠯᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠲᠠᠪᠤ︶ ᠵᠣᠷᠯᠣᠩ ᠤᠨ ᠪᠠᠭᠠᠰᠤᠨ ᠪᠣᠬᠢᠷᠲᠤᠯ ᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ᠭᠠᠵᠠᠷ ᠵᠦᠢ ᠶᠢᠨ ᠣᠷᠴᠢᠨ ᠲᠣᠭᠤᠷᠢᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠳᠠᠳᠬᠠᠯ᠂ ᠪᠣᠬᠢᠷ | ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠣᠳᠣᠬᠢ ᠪᠠᠶᠢᠳᠠᠯ ᠢ ᠦᠨᠳᠦᠰᠦᠯᠡᠨ᠂ ᠲᠠᠷᠠᠬᠠᠢ ᠬᠡᠯᠪᠡᠷᠢ ᠶᠢᠨ᠂ | ᠬᠠᠷᠢᠴᠠᠩᠭᠤᠢ ᠲᠥᠪᠯᠡᠷᠡᠭᠦᠯᠬᠦ ᠬᠡᠯᠪᠡᠷᠢ ᠪᠤᠶᠤ ᠬᠤᠲᠠ ᠪᠠᠯᠭᠠᠰᠤ ᠶᠢᠨ ᠬᠤᠭᠤᠯᠠᠢ ᠲᠣᠣᠷ ᠤᠨ ᠮᠠᠶ᠋ᠢᠭ ᠲᠤ | ᠣᠷᠤᠭᠤᠯᠬᠤ ᠵᠡᠷᠭᠡ ᠠᠷᠭ᠎ᠠ ᠮᠠᠶ᠋ᠢᠭ ᠢ ᠵᠦᠢ ᠵᠣᠬᠢᠰᠲᠠᠢ ᠰᠣᠩᠭᠤᠵᠤ ᠵᠤᠷᠯᠤᠩ ᠤᠨ ᠢᠯᠭᠠᠳᠠᠰᠤ ᠪᠤᠷᠲᠠᠭ ᠢ | ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠣᠷᠣᠭᠤᠯᠬᠤ | ᠨᠥᠬᠦᠴᠡᠯ ᠢ ᠪᠦᠷᠢᠯᠳᠦᠭᠦᠯᠦᠭᠰᠡᠨ ᠡᠷᠦᠬᠡ ᠶᠢᠨ ᠵᠣᠷᠯᠣᠩ᠂ ᠢᠯᠭᠠᠳᠠᠰᠤ ᠶᠢ ᠪᠣᠬᠢᠷ ᠤᠰᠤ ᠰᠢᠢᠳᠪᠦᠷᠢᠯᠡᠬᠦ | ᠰᠢᠰᠲ᠋ᠧᠮ ᠳᠤ ᠵᠠᠯᠭᠠᠨ ᠣᠷᠣᠭᠤᠯᠵᠤ ᠨᠢᠭᠡᠳᠦᠯᠲᠡᠢ ᠰᠢᠢᠳᠪᠦᠷᠢᠯᠡᠨ᠎ᠡ︔ ᠪᠣᠬᠢᠷ ᠤᠰᠤᠨ ᠤ ᠬᠤᠭᠤᠯᠠᠢ ᠶᠢᠨ ᠲᠣᠣᠷ ᠲᠤ | ᠣᠷᠣᠭᠤᠯᠤᠭᠰᠠᠨ ᠡᠷᠦᠬᠡ ᠶᠢᠨ ᠵᠣᠷᠯᠣᠩ ᠨᠢ ᠢᠯᠭᠠᠳᠠᠰᠤᠨ ᠪᠣᠬᠢᠷᠲᠤᠯ ᠢ ᠲᠥᠪᠯᠡᠷᠡᠭᠦᠯᠦᠨ ᠰᠢᠢᠳᠪᠦᠷᠢᠯᠡᠬᠦ | ᠪᠡᠯᠡᠳᠬᠡᠮᠵᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠭᠤᠳᠠᠯᠤᠨ ᠲᠡᠭᠡᠭᠡᠪᠦᠷᠢᠯᠡᠵᠦ᠂ ᠲᠥᠪᠯᠡᠷᠡᠭᠦᠯᠦᠨ | ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠤᠶᠤ ᠡᠬᠢ ᠪᠠᠶᠠᠯᠢᠭᠵᠢᠭᠤᠯᠤᠨ ᠠᠰᠢᠭᠯᠠᠨ᠎ᠠ︔ ᠪᠤᠶᠢᠳᠠ ᠪᠥᠭᠯᠡᠭᠦᠦ ᠭᠠᠵᠠᠷ | ᠣᠷᠣᠨ᠂ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠡᠷᠦᠬᠡ ᠶᠢᠨ ᠵᠣᠷᠯᠣᠩ ᠢ ᠬᠦᠷᠢᠶ᠎ᠡ ᠬᠠᠰᠢᠶᠠᠨ ᠤ ᠠᠵᠤ | ᠠᠬᠤᠢ ᠲᠠᠢ ᠤᠶᠠᠯᠳᠤᠭᠤᠯᠵᠤ᠂ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠤᠨᠢ ᠰᠢᠩᠭᠡᠬᠡᠨ ᠠᠪᠴᠤ ᠪᠣᠯᠣᠨ᠎ᠠ᠃ ᠭᠡᠷ | ᠪᠦᠯᠢ ᠶᠢᠨ ᠮᠠᠯ ᠲᠠᠷᠢᠶᠠᠯᠠᠩ ︵ᠮᠠᠯ ᠠᠵᠤ ᠠᠬᠤᠢ︶ ᠢ ᠵᠣᠷᠢᠭᠵᠢᠭᠤᠯᠤᠨ᠎ᠠ︶ᠲᠠᠯᠠᠪᠠᠢ᠂ ᠮᠠᠯᠴᠢᠨ ᠲᠠᠷᠢᠶᠠᠴᠢᠨ ᠤ | ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠠᠴᠠ | ᠵᠣᠷᠯᠣᠩ ᠤᠨ ᠪᠠᠭᠠᠰᠤ ᠶᠢ ᠴᠤᠭᠯᠠᠭᠤᠯᠤᠨ ᠰᠢᠢᠳᠪᠦᠷᠢᠯᠡᠵᠦ ᠠᠰᠢᠭᠯᠠᠬᠤ ᠶᠢ ᠥᠷᠨᠢᠭᠦᠯᠦᠨ᠎ᠡ᠃ ᠵᠣᠷᠯᠣᠩ ᠤᠨ | ᠢᠯᠭᠠᠳᠠᠰᠤ ᠪᠠ ᠮᠠᠯ ᠤᠨ ᠢᠯᠭᠠᠳᠠᠰᠤ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠵᠣᠷᠢᠭᠵᠢᠭᠤᠯᠤᠨ᠎ᠠ᠃ | ︵ᠵᠢᠷᠭᠤᠭ᠎ᠠ︶ᠠᠵᠢᠯᠯᠠᠭᠤᠯᠵᠤ ᠪᠠᠲᠤᠯᠠᠨ ᠬᠠᠮᠠᠭᠠᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠶᠢ ᠤᠷᠢᠳᠠᠴᠢ ᠱᠠᠭᠠᠷᠳᠠᠯᠭ᠎ᠠ ᠪᠣᠯᠭᠠᠵᠤ᠂ ᠮᠠᠯᠵᠢᠬᠤ | ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠪᠠᠶᠢᠭᠤᠯᠬᠤ ᠬᠢᠭᠡᠳ ᠬᠡᠷᠡᠭᠯᠡᠬᠦ ᠶᠢ ᠬᠠᠮᠢᠶᠠᠷᠴᠤ ᠬᠠᠮᠠᠭᠠᠯᠠᠬᠤ ᠶᠢ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠪᠠᠷᠢᠮᠲᠠᠯᠠᠨ᠂ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠬᠦ᠂ ᠨᠢᠭᠡ | ᠴᠣᠭᠴᠠᠵᠢᠭᠤᠯᠤᠨ ᠪᠦᠲᠦᠭᠡᠨ ᠪᠠᠶᠢᠭᠤᠯᠬᠤ᠂ ᠨᠢᠭᠡ ᠴᠣᠭᠴᠠᠵᠢᠭᠤᠯᠤᠨ ᠠᠵᠢᠯᠯᠠᠭᠤᠯᠵᠤ ᠬᠠᠮᠠᠭᠠᠯᠠᠬᠤ ᠶᠢ ᠪᠠᠷᠢᠮᠲᠠᠯᠠᠨ᠎ᠠ᠃ | ᠡᠯ᠎ᠡ ᠰᠢᠶᠠᠩ ᠪᠠᠯᠭᠠᠰᠤ ᠵᠢᠷᠤᠮᠵᠢᠭᠰᠠᠨ ᠬᠠᠮᠢᠶᠠᠷᠴᠤ ᠬᠠᠮᠠᠭᠠᠯᠠᠬᠤ ᠳᠦᠷᠢᠮ ᠢ ᠲᠣᠭᠲᠠᠭᠠᠵᠤ᠂ ᠡᠳᠦᠷ ᠲᠣᠲᠤᠮ ᠤᠨ | ᠲᠣᠭᠤᠷᠢᠨ ᠪᠠᠶᠢᠴᠠᠭᠠᠬᠤ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠪᠠ ᠪᠠᠭᠠᠰᠤᠨ ᠪᠣᠬᠢᠷᠲᠤᠯ ᠢ ᠴᠡᠪᠡᠷᠯᠡᠨ | ᠠᠷᠢᠯᠭᠠᠬᠤ ᠵᠡᠷᠭᠡ ᠬᠠᠮᠢᠶᠠᠷᠴᠤ ᠬᠠᠮᠠᠭᠠᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠤᠯᠬᠤ᠂ | ᠬᠠᠮᠢᠶᠠᠷᠬᠤ᠂ ᠵᠠᠰᠠᠬᠤ᠂ ᠬᠡᠷᠡᠭᠯᠡᠬᠦ ᠶᠢ ᠵᠡᠷᠭᠡ ᠪᠠᠷ ᠴᠢᠬᠤᠯᠠᠴᠢᠯᠠᠭᠰᠠᠨ ᠤᠷᠲᠤ ᠬᠤᠭᠤᠴᠠᠭᠠᠨ ᠤ ᠪᠦᠲᠦᠮᠵᠢᠲᠡᠶ | ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠯᠳᠦᠭᠦᠯᠵᠦ᠂ ︽ᠲᠠᠪᠤ ᠶᠢ ᠪᠦᠷᠢᠳᠦᠭᠦᠯᠪᠡ᠄ ᠳᠦᠷᠢᠮ ᠲᠠᠢ᠂ | ᠢᠯᠭᠠᠳᠠᠰᠤ ᠶᠢ ᠴᠤᠭᠯᠠᠭᠤᠯᠤᠨ ᠰᠢᠢᠳᠪᠦᠷᠢᠯᠡᠬᠦ ᠪᠣᠳᠠᠲᠠᠢ ᠬᠡᠷᠡᠭᠵᠢᠭᠦᠯᠬᠦ ᠠᠷᠭ᠎ᠠ ᠪᠣᠯᠣᠨ ᠬᠠᠷᠢᠭᠤᠴᠠᠯᠭᠠᠲᠠᠨ ᠢ | ᠲᠣᠳᠣᠷᠬᠠᠶᠢᠯᠠᠬᠤ ᠬᠡᠷᠡᠭᠲᠡᠢ᠃ | ︵ᠳᠣᠯᠤᠭ᠎ᠠ︶ᠰᠢᠶᠠᠨ ᠰᠢᠶᠠᠩ ᠲᠣᠰᠬᠤᠨ ᠤ ᠭᠤᠷᠪᠠᠨ ᠱᠠᠲᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢ | ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠷᠦᠬᠡ ᠶᠢᠨ ᠵᠣᠷᠯᠣᠩ ᠤᠨ ᠳᠠᠩᠰᠠ ᠡᠪᠬᠡᠮᠡᠯ ᠤᠨ ᠪᠦᠷᠢᠨ ᠪᠦᠲᠦᠨ | ᠴᠢᠨᠠᠷ᠂ ᠣᠨᠣᠪᠴᠢᠲᠤ ᠴᠢᠨᠠᠷ᠂ ᠰᠢᠰᠲ᠋ᠧᠮᠲᠦ ᠴᠢᠨᠠᠷ᠂ ᠨᠢᠭᠡᠳᠦᠯᠲᠡᠢ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ᠂ | ᠰᠢᠶᠠᠨ᠂ ᠰᠢᠶᠠᠩ ︵ᠪᠠᠯᠭᠠᠰᠤ︶᠂ ᠲᠣᠰᠬᠤᠨ ᠭᠤᠷᠪᠠᠨ ᠱᠠᠲᠤᠨ ᠳᠤ ᠴᠥᠮ ᠬᠥᠳᠡᠭᠡ ᠲᠣᠰᠬᠤᠨ ᠤ ᠵᠣᠷᠯᠣᠩ ᠢ | ᠥᠭᠡᠷᠡᠴᠢᠯᠡᠬᠦ ᠳᠠᠩᠰᠠ ᠡᠪᠬᠡᠮᠡᠯ ᠪᠠᠶᠢᠭᠤᠯᠵᠤ᠂ ᠨᠢᠭᠡ ᠡᠷᠦᠬᠡ ᠳᠤ ᠨᠢᠭᠡ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠴᠠᠭᠠᠰᠤᠨ ᠳᠠᠩᠰᠠ ᠡᠪᠬᠡᠮᠡᠯ ᠢ ᠰᠢᠶᠠᠩ ( ᠪᠠᠯᠭᠠᠰᠤ ) ᠤᠨ ᠬᠡᠷᠡᠭᠲᠡᠢ᠃︶ᠡᠰᠡᠬᠦᠯ᠎ᠡ ᠲᠣᠰᠬᠤᠨ ᠢᠶᠠᠷ ᠨᠢᠭᠡᠴᠢ | ᠪᠣᠯᠭᠠᠵᠤ᠂ ᠳᠡᠪᠲᠡᠷᠯᠡᠵᠦ ᠪᠠᠶᠢᠴᠠᠭᠠᠬᠤ ᠳᠤ ᠪᠡᠯᠡᠳᠬᠡᠨ᠎ᠡ᠃ ᠲᠣᠰᠬᠤᠨ ᠤ ᠱᠠᠲᠤᠨ ᠤ ᠲᠠᠩᠰᠠ ᠡᠪᠬᠡᠮᠡᠯ ᠤᠨ | ᠠᠭᠤᠯᠭ᠎ᠠ ᠳᠤ ᠨᠢᠭᠤᠷ᠂ ᠭᠠᠷᠴᠠᠭ᠂ ᠡᠷᠦᠬᠡ ᠶᠢᠨ ᠡᠵᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠭᠤᠶᠤᠴᠢᠯᠠᠯ ᠤᠨ | ᠬᠦᠰᠦᠨᠦᠭᠲᠦ᠂ ᠵᠣᠷᠯᠣᠩ ᠢ ᠥᠭᠡᠷᠡᠴᠢᠯᠡᠬᠦ ᠬᠡᠯᠡᠯᠴᠡᠭᠡᠷ ᠤᠨ ᠪᠢᠴᠢᠭ᠂ ᠵᠣᠷᠯᠣᠩ ᠢ ᠥᠭᠡᠷᠡᠴᠢᠯᠡᠬᠦ ᠶᠢᠨ ᠡᠮᠦᠨ᠎ᠡ | ᠬᠤᠶᠢᠨᠠᠬᠢ ᠬᠡᠷᠡᠯ ᠵᠢᠷᠤᠭ᠂ ᠵᠣᠷᠯᠣᠩ ᠢ ᠥᠭᠡᠷᠡᠴᠢᠯᠡᠬᠦ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ ᠬᠦᠰᠦᠨᠦᠭᠲᠦ ᠵᠡᠷᠭᠡ ᠪᠠᠭᠲᠠᠨ᠎ᠠ᠃ ᠰᠢᠶᠠᠩ ᠪᠠᠯᠭᠠᠰᠤᠨ ᠳᠤ ᠲᠠᠷᠢᠶᠠᠴᠢᠨ ᠡᠷᠦᠬᠡ ᠶᠢᠨ ᠵᠣᠷᠯᠣᠩ ᠢ | ᠥᠭᠡᠷᠡᠴᠢᠯᠡᠬᠦ ᠬᠦᠰᠡᠯ ᠡᠷᠡᠮᠡᠯᠵᠡᠯ ᠤᠨ ᠪᠢᠴᠢᠭ᠂ ᠵᠣᠷᠯᠣᠩ ᠢ ᠥᠭᠡᠷᠡᠴᠢᠯᠡᠬᠦ ᠬᠡᠯᠡᠯᠴᠡᠭᠡᠷ ᠤᠨ ᠪᠢᠴᠢᠭ᠂ ᠥᠪᠡᠰᠦᠪᠡᠨ | ᠪᠠᠶᠢᠴᠠᠭᠠᠵᠤ ᠰᠢᠯᠭᠠᠨ ᠠᠪᠬᠤ ᠬᠦᠰᠦᠨᠦᠭᠲᠦ᠂ ᠵᠣᠷᠯᠣᠩ ᠢ ᠥᠭᠡᠷᠡᠴᠢᠯᠡᠬᠦ ᠶᠢᠨ ᠡᠮᠦᠨ᠎ᠡ ᠬᠤᠶᠢᠨᠠᠬᠢ ᠭᠡᠷᠡᠯ ᠵᠢᠷᠤᠭ | ᠵᠡᠷᠭᠡ ᠮᠠᠲ᠋ᠧᠷᠢᠶᠠᠯ ᠢ ᠪᠠᠭᠲᠠᠭᠠᠨ᠎ᠠ᠃ ᠣᠷᠣᠨ ᠤ ᠲᠠᠰ ᠤᠨ ᠡᠪᠬᠡᠮᠡᠯ ᠳᠤ ᠡᠯ᠎ᠡ ᠰᠢᠶᠠᠩ ᠪᠠᠯᠭᠠᠰᠤ ᠶᠢᠨ ᠰᠢᠯᠭᠠᠨ | ᠠᠪᠬᠤ ᠪᠠᠷ ᠭᠤᠶᠤᠴᠢᠯᠠᠭᠰᠠᠨ ᠮᠡᠳᠡᠭᠦᠯᠦᠯᠲᠡ᠂ ᠣᠷᠣᠨ ᠤ ᠱᠠᠲᠤᠨ ᠤ ᠰᠢᠯᠭᠠᠨ ᠠᠪᠬᠤ ᠬᠦᠰᠦᠨᠦᠭᠲᠦ᠂ ᠵᠣᠷᠯᠣᠩ ᠢ | ᠥᠭᠡᠷᠡᠴᠢᠯᠡᠬᠦ ᠶᠢᠨ ᠡᠮᠦᠨ᠎ᠡ ᠬᠤᠶᠢᠨᠠᠬᠢ ᠬᠠᠷᠢᠴᠠᠭᠤᠯᠤᠯ ᠵᠡᠷᠭᠡ ᠶᠢ ᠪᠠᠭᠲᠠᠭᠠᠨ᠎ᠠ᠃ ᠡᠭᠦᠨ ᠤ ᠬᠠᠮᠲᠤ᠂ ᠡᠯᠧᠺᠲᠷᠣᠨ | ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠵᠣᠷᠯᠣᠩ ᠢ ᠥᠭᠡᠷᠡᠴᠢᠯᠡᠬᠦ ᠢᠨᠵᠧᠨᠧᠷᠢᠩ ᠤᠨ | ᠠᠬᠢᠴᠠ ᠶᠢ ᠦᠨᠳᠦᠰᠦᠯᠡᠨ᠂ ᠲᠠᠷᠢᠶᠠᠴᠢᠨ ᠡᠷᠦᠬᠡ ᠶᠢᠨ ᠵᠣᠷᠯᠣᠩ ᠢ ᠥᠭᠡᠷᠡᠴᠢᠯᠡᠬᠦ ᠮᠡᠳᠡᠭᠡ ᠵᠠᠩᠭᠢ ᠶᠢ ᠴᠠᠭ ᠲᠤᠬᠠᠢ | ᠳᠤᠨᠢ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠮᠡᠳᠡᠭᠡ ᠵᠠᠩᠭᠢ ᠶᠢᠨ ᠦᠨᠡᠨ ᠪᠣᠳᠠᠲᠠᠢ | ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠭᠤᠷᠪᠠᠨ ᠱᠠᠲᠤᠨ ᠤ | ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠲᠣᠭᠲᠠᠴᠠ ᠶᠢ ᠪᠠᠷᠢᠮᠲᠠᠯᠠᠵᠤ᠂ | ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠨ ᠬᠠᠮᠵᠢᠯᠴᠠᠬᠤ | ᠠᠵᠢᠯᠯᠠᠭᠠᠨ ᠤ ᠲᠣᠭᠲᠠᠴᠠ ᠶᠢ ᠴᠢᠩᠭᠠᠳᠬᠠᠨ᠎ᠠ᠃ ᠲᠣᠭᠤᠷᠢᠭ ᠤᠨ ᠱᠠᠲᠤᠨ ᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠨ ᠠᠬᠢᠭᠤᠯᠬᠤ᠂ ᠲᠥᠷᠥᠯ ᠵᠦᠢᠯ ᠢ ᠲᠣᠬᠢᠷᠠᠭᠤᠯᠬᠤ᠂ ᠪᠡᠯᠡ | ᠮᠥᠩᠭᠦ ᠴᠤᠭᠯᠠᠭᠤᠯᠬᠤ᠂ ᠠᠬᠢᠭᠤᠯᠤᠨ ᠬᠡᠷᠡᠭᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠬᠡᠷᠡᠭᠵᠢᠭᠦᠯᠦᠭᠰᠡᠨ ᠦᠷ᠎ᠡ | ᠪᠦᠲᠦᠮᠵᠢ ᠳᠤ ᠬᠠᠷᠢᠭᠤᠴᠠᠬᠤ ᠬᠡᠷᠡᠭᠲᠡᠢ︔ ᠰᠤᠮᠤ ᠰᠢᠶᠠᠩ ᠪᠠᠯᠭᠠᠰᠤ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ᠠᠵᠢᠯ ᠢ ᠰᠠᠶᠢᠲᠤᠷ ᠬᠢᠬᠦ ᠬᠡᠷᠡᠭᠲᠡᠢ︔ ᠭᠠᠴᠠᠭ᠎ᠠ ᠲᠣᠰᠬᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ | ᠪᠠᠬᠢᠯᠡᠯᠲᠡ ᠶᠢᠨ ᠦᠢᠯᠡᠳᠦᠯ ᠵᠢᠴᠢ ᠨᠢᠭᠡᠳᠦᠭᠡᠷ ᠱᠦᠵᠢ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠲᠠᠢ | ᠬᠠᠷᠢᠯᠴᠠᠵᠤ ᠬᠡᠷᠡᠭ ᠵᠥᠪᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠡᠷᠦᠬᠡ ᠳᠠᠷᠠᠭᠠᠯᠠᠨ ᠵᠣᠷᠯᠣᠩ | ᠳᠠᠷᠠᠭᠠᠯᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ | ︵ᠬᠤᠶᠠᠷ︶ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠡᠯ᠎ᠡ ᠲᠥᠷᠥᠯ ᠤᠨ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠨ ᠨᠢᠭᠡᠳᠬᠡᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠣᠶ ᠪᠣᠯᠭᠠᠵᠤ | ᠂ ᠬᠠᠮᠲᠤᠪᠠᠷ ᠠᠬᠢᠭᠤᠯᠬᠤ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠶᠢᠨ ᠪᠠᠲᠤᠯᠠᠭ᠎ᠠ᠂ ᠮᠡᠷᠭᠡᠵᠢᠯ ᠤᠨ ᠵᠢᠯᠣᠭᠤᠳᠤᠯᠭ᠎ᠠ᠂ ᠰᠢᠮᠳᠠᠭᠤᠯᠤᠨ | ᠪᠠᠶᠢᠴᠠᠭᠠᠵᠤ ᠬᠢᠨᠠᠨ ᠰᠢᠯᠭᠠᠬᠤ ᠵᠡᠷᠭᠡ ᠠᠵᠢᠯ ᠢ ᠴᠢᠩᠭᠠᠳᠬᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠪᠥᠬᠦ ᠶᠠᠪᠤᠴᠠ ᠳᠤ | ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠣᠷᠯᠣᠩ ᠢ ᠥᠭᠡᠷᠡᠴᠢᠯᠡᠨ ᠪᠠᠶᠢᠭᠤᠯᠬᠤ | ᠲᠥᠯᠥᠪᠯᠡᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠲᠤᠰᠬᠠᠢ ᠱᠠᠩᠨᠠᠯ ᠨᠥᠬᠦᠪᠦᠷᠢ ᠶᠢᠨ ᠪᠡᠯᠡ | ᠮᠥᠩᠭᠦ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠭᠰᠠᠨ ᠰᠠᠭᠤᠷᠢᠨ ᠳᠡᠭᠡᠷ᠎ᠡ᠂ ᠲᠣᠭᠤᠷᠢᠭ ᠤᠨ ᠡᠳ᠋ ᠤᠨ ᠵᠠᠰᠠᠭ | ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠲᠤᠰᠬᠠᠢ ᠪᠡᠯᠡ ᠮᠥᠩᠭᠦ ᠶᠢ ᠲᠣᠬᠢᠷᠠᠭᠤᠯᠬᠤ ᠡᠷᠴᠢᠮ ᠢᠶᠠᠨ | ᠴᠢᠩᠭᠠᠷᠠᠭᠤᠯᠬᠤ ᠶᠢᠨ ᠬᠠᠮᠲᠤ ᠡᠳ᠋ ᠤᠨ ᠵᠠᠰᠠᠭ ᠤᠨ ᠣᠨ ᠤ ᠲᠥᠰᠥᠪ ᠲᠤ ᠣᠷᠣᠭᠤᠯᠬᠤ ᠬᠡᠷᠡᠭᠲᠡᠢ︔ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠢᠳᠡᠪᠬᠢᠲᠡᠢ ᠪᠠᠷ | ᠳᠡᠭᠡᠭᠰᠢ ᠲᠥᠷᠥ ᠶᠢᠨ ᠪᠣᠳᠣᠯᠭ᠎ᠠ᠂ ᠲᠥᠷᠥᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠣᠯᠵᠤ᠂ ᠬᠥᠳᠡᠭᠡ | ᠲᠣᠰᠬᠤᠨ ᠤ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ᠃ | ᠲᠥᠪ᠂ ᠥᠪᠡᠷᠲᠡᠭᠡᠨ ᠵᠠᠰᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠲᠤᠰᠬᠠᠢ ᠵᠦᠢᠯ ᠤᠨ | ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠵᠠᠭᠪᠤᠷ ᠲᠤ ᠴᠢᠭᠯᠡᠭᠦᠯᠦᠨ᠂ | ᠵᠥᠷᠢᠶᠡᠲᠦ ᠨᠥᠬᠦᠪᠦᠷᠢ ᠥᠭᠬᠦ ᠶᠢ ᠬᠡᠷᠡᠭᠵᠢᠭᠦᠯᠵᠦ᠂ ᠵᠣᠷᠯᠣᠩ ᠢ ᠥᠭᠡᠷᠡᠴᠢᠯᠡᠨ ᠪᠠᠶᠢᠭᠤᠯᠬᠤ ᠡᠷᠦᠬᠡ ᠶᠢᠨ | ᠥᠪᠡᠰᠦᠪᠡᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢ ᠥᠭᠬᠦ᠂ ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ ᠵᠡᠷᠭᠡ | ᠠᠷᠭ᠎ᠠ ᠮᠠᠶ᠋ᠢᠭ ᠢ ᠠᠪᠴᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ | ᠵᠣᠷᠯᠣᠩ ᠢ ᠥᠭᠡᠷᠡᠴᠢᠯᠡᠬᠦ᠂ ᠵᠣᠷᠯᠣᠩ ᠢ ᠥᠭᠡᠷᠡᠴᠢᠯᠡᠬᠦ᠂ ᠦᠷᠭᠦᠯᠵᠢᠯᠡᠨ ᠬᠠᠮᠢᠶᠠᠷᠴᠤ ᠬᠠᠮᠠᠭᠠᠯᠠᠨ ᠰᠡᠯᠪᠢᠨ ᠵᠠᠰᠠᠬᠤ᠂ | ᠢᠯᠭᠠᠳᠠᠰᠤ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠶᠢ | ᠭᠤᠣᠯᠳᠠᠯᠭ᠎ᠠ ᠲᠠᠢ ᠳᠡᠮᠵᠢᠨ᠎ᠡ᠃ ᠡᠳ᠋ ᠤᠨ ᠵᠠᠰᠠᠭ ᠤᠨ ᠪᠡᠯᠡ ᠮᠥᠩᠭᠦ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠬᠠᠤᠯᠢ ᠲᠣᠭᠲᠠᠭᠠᠯ ᠶᠣᠰᠣᠭᠠᠷ ᠨᠡᠶᠢᠭᠡᠮ ᠤᠨ ᠬᠥᠷᠥᠩᠭᠡ᠂ ᠮᠥᠩᠭᠦᠨ ᠭᠦᠢᠯᠭᠡᠭᠡᠨ ᠤ ᠬᠥᠷᠥᠩᠭᠡ ᠶᠢ ᠲᠠᠲᠠᠵᠤ | ᠣᠷᠣᠭᠤᠯᠤᠯᠲᠠ ᠳᠤ ᠣᠷᠣᠯᠴᠠᠭᠤᠯᠤᠨ᠎ᠠ᠃ ᠮᠡᠳᠡᠭᠡ ᠵᠠᠩᠭᠢ ᠶᠢ ᠢᠯᠡ ᠪᠣᠯᠭᠠᠬᠤ᠂ ᠲᠣᠰᠬᠤᠨ ᠤ ᠶᠠᠪᠤᠳᠠᠯ ᠢ ᠢᠯᠡ | ᠪᠣᠯᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ᠂ | ᠱᠠᠩᠨᠠᠵᠤ ᠨᠥᠬᠦᠪᠦᠷᠢᠯᠡᠬᠦ ᠪᠠᠷᠢᠮᠵᠢᠶ᠎ᠠ᠂ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠵᠡᠷᠭᠡ ᠶᠢ ᠢᠯᠡ ᠨᠡᠶᠢᠲᠡᠯᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃ | ︵ᠳᠥᠷᠪᠡ︶ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ᠃ ᠮᠠᠯᠵᠢᠬᠤ | ᠲᠠᠷᠢᠶᠠᠯᠠᠬᠤ ᠣᠷᠣᠨ ᠤ ᠵᠣᠷᠯᠣᠩ ᠤᠨ ᠬᠤᠪᠢᠰᠬᠠᠯ ᠢ ᠲᠠᠷᠢᠶᠠᠯᠠᠩ ᠳᠤ ᠬᠤᠯᠪᠣᠭᠳᠠᠭᠰᠠᠨ ᠭᠠᠵᠠᠷ ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠳᠠᠲᠤ ᠠᠮᠵᠢᠯᠲᠠ ᠶᠢ | ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ | ᠠᠵᠢᠯ ᠢ ᠵᠣᠬᠢᠶᠠᠨ ᠪᠠᠶᠢᠭᠤᠯᠵᠤ᠂ ᠥᠪᠡᠰᠦᠪᠡᠨ ᠪᠠᠶᠢᠴᠠᠭᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠭᠤᠷᠪᠠᠳᠠᠭᠢ | ᠡᠲᠡᠭᠡᠳ ᠠᠴᠠ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢ ᠠᠪᠴᠤ᠂ ᠡᠷᠦᠬᠡ ᠶᠢᠨ ᠵᠣᠷᠯᠣᠩ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ᠂ ᠮᠡᠷᠭᠡᠵᠢᠯ ᠤᠨ ᠵᠢᠯᠣᠭᠤᠳᠤᠯᠭ᠎ᠠ᠂ ᠪᠡᠯᠡ ᠮᠥᠩᠭᠦ ᠶᠢᠨ ᠳᠡᠮᠵᠢᠯᠭᠡ᠂ ᠵᠣᠷᠯᠣᠩ ᠢ ᠥᠭᠡᠷᠡᠴᠢᠯᠡᠬᠦ ᠠᠬᠢᠴᠠ᠂ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠡᠷᠭᠡ ᠶᠢ | ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠨ᠎ᠠ᠃ ᠣᠯᠠᠨ ᠲᠦᠮᠡᠨ ᠤ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠵᠤ᠂ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠭᠠᠷᠭᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ︔ | ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠤᠨ | ᠬᠡᠷᠡᠭᠯᠡᠯᠲᠡ ᠶᠢ ᠴᠢᠬᠤᠯᠠᠴᠢᠯᠠᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠠᠰᠠᠭᠤᠳᠠᠯ ᠢ ᠣᠯᠵᠤ ᠮᠡᠳᠡᠪᠡᠯ᠂ | ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠮᠠᠯᠴᠢᠨ ᠲᠠᠷᠢᠶᠠᠴᠢᠨ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠶᠢ ᠨᠢ ᠰᠠᠶᠢᠰᠢᠶᠠᠵᠤ᠂ ᠠᠷᠭ᠎ᠠ ᠬᠡᠮᠵᠢᠶ᠎ᠡ ᠨᠢ ᠬᠦᠴᠦᠨ ᠦᠭᠡᠢ᠂ ᠠᠵᠢᠯ ᠨᠢ ᠪᠣᠳᠠᠲᠠᠢ ᠪᠢᠰᠢ᠂ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠠᠷᠠᠳ ᠢ ᠵᠦᠳᠡᠭᠡᠵᠦ ᠡᠳ᠋ ᠢ ᠰᠦᠢᠳᠬᠡᠭᠰᠡᠨ᠂ ᠬᠦᠴᠦᠨ ᠦᠭᠡᠢ | ᠬᠡᠷᠡᠭᠵᠢᠭᠦᠯᠦᠭᠰᠡᠨ ᠨᠢᠭᠡᠴᠡ ᠪᠠ ᠬᠤᠪᠢ ᠬᠥᠮᠥᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠠᠷᠠᠯᠲᠠ | ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ︵ᠲᠠᠪᠤ︶ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠠᠶᠢᠯ ᠲᠤᠰᠬᠤᠨ ᠤ ᠠᠷᠢᠭᠤᠨ | ᠴᠡᠪᠡᠷ ᠤᠨ ᠠᠵᠢᠯᠯᠠᠭ᠎ᠠ᠂ ᠡᠷᠡᠭᠦᠯ ᠬᠠᠮᠠᠭᠠᠯᠠᠯ ᠢ ᠡᠭᠦᠳᠦᠨ ᠪᠠᠶᠢᠭᠤᠯᠬᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠭᠠᠴᠠᠭ᠎ᠠ ᠲᠤᠰᠬᠤᠨ ᠤ ᠤᠬᠠᠭᠤᠯᠭ᠎ᠠ ᠶᠢᠨ | ᠪᠤᠯᠤᠩ᠂ ᠲᠣᠳᠣᠷᠬᠠᠢ ᠴᠠᠭᠠᠰᠤ ᠲᠠᠷᠬᠠᠭᠠᠬᠤ᠂ ᠡᠷᠦᠬᠡ ᠳᠤ ᠣᠷᠣᠵᠤ ᠲᠠᠶᠢᠯᠪᠤᠷᠢᠯᠠᠬᠤ᠂ ᠲᠤᠰᠬᠤᠨ ᠤ ᠪᠦᠷᠢᠶ᠎ᠡ᠂ | ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠤᠷᠯᠤᠩ ᠤᠨ | ᠬᠤᠪᠢᠰᠬᠠᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠤᠷᠯᠤᠩ ᠢ ᠥᠭᠡᠷᠡᠴᠢᠯᠡᠬᠦ ᠠᠵᠢᠯ ᠤᠨ ᠴᠢᠬᠤᠯᠠ ᠠᠴᠢ | ᠬᠤᠯᠪᠣᠭᠳᠠᠯ ᠢ ᠤᠬᠠᠭᠤᠯᠪᠠ᠃ ᠪᠣᠯᠪᠠᠰᠤᠨ ᠵᠣᠷᠯᠣᠩ᠂ ᠠᠷᠢᠭᠤᠨ ᠴᠡᠪᠡᠷ ᠵᠣᠷᠯᠣᠩ ᠤᠨ ᠡᠳᠦᠷ ᠲᠤᠲᠤᠮ ᠤᠨ | ᠬᠠᠮᠢᠶᠠᠷᠤᠯᠲᠠ ᠬᠠᠮᠠᠭᠠᠯᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠵᠡᠷᠭᠡ ᠤᠬᠠᠭᠤᠯᠭ᠎ᠠ ᠬᠥᠮᠦᠵᠢᠯ ᠢ | ᠥᠷᠨᠢᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠮᠡᠨᠳᠦ ᠡᠷᠡᠭᠦᠯ ᠬᠠᠮᠠᠭᠠᠯᠠᠯ ᠤᠨ | ᠠᠮᠢᠳᠤᠷᠠᠯ ᠤᠨ ᠳᠠᠳᠬᠠᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠲᠠᠨᠢᠨ ᠮᠡᠳᠡᠬᠦ ᠬᠡᠮᠵᠢᠶ᠎ᠡ᠂ | ᠣᠷᠣᠯᠴᠠᠬᠤ ᠬᠡᠮᠵᠢᠶ᠎ᠡ ᠪᠠ ᠥᠪᠡᠷ ᠢ ᠪᠠᠨ ᠬᠠᠮᠢᠶᠠᠷᠴᠤ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠴᠠᠭ᠎ᠠ | ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠰᠢᠯᠢᠳᠡᠭ ᠡᠪ ᠬᠠᠮᠲᠤ ᠨᠠᠮ ᠤᠨ | ᠭᠡᠰᠢᠭᠦᠨ ᠵᠡᠷᠭᠡ ᠰᠠᠭᠤᠷᠢ ᠰᠢᠯᠢᠳᠡᠭ ᠴᠢᠳᠠᠪᠤᠷᠢᠲᠠᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠣᠯᠠᠨ ᠲᠦᠮᠡᠨ ᠢ | ᠥᠷᠭᠡᠨ ᠢᠶᠠᠷ ᠳᠠᠶᠢᠴᠢᠯᠠᠵᠤ᠂ ᠮᠠᠯᠴᠢᠨ ᠲᠠᠷᠢᠶᠠᠴᠢᠨ ᠲᠦᠮᠡᠨ ᠤ ᠠᠮᠢᠳᠤᠷᠠᠯ ᠤᠨ ᠨᠥᠬᠦᠴᠡᠯ ᠢᠶᠠᠨ ᠰᠠᠶᠢᠵᠢᠷᠠᠭᠤᠯᠬᠤ | ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠬᠥᠭᠵᠢᠭᠡᠨ᠎ᠡ᠃ ᠮᠠᠯᠴᠢᠨ ᠲᠠᠷᠢᠶᠠᠴᠢᠳ ᠤᠨ ᠠᠷᠢᠭᠤᠨ ᠴᠡᠪᠡᠷ | ᠵᠣᠷᠯᠣᠩ ᠢ ᠵᠢᠷᠤᠮᠵᠢᠭᠤᠯᠤᠨ ᠬᠡᠷᠡᠭᠯᠡᠬᠦ ᠪᠣᠯᠪᠠᠰᠤᠷᠠᠭᠤᠯᠤᠯ ᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠬᠡᠷᠡᠭᠯᠡᠵᠦ | ᠴᠢᠳᠠᠬᠤ᠂ ᠬᠡᠷᠡᠭᠯᠡᠬᠦ ᠳᠤᠷᠠᠲᠠᠢ ᠪᠠᠶᠢᠬᠤ ᠶᠢ ᠦᠨᠡᠨᠬᠦ ᠪᠠᠲᠤᠯᠠᠵᠤ᠂ ᠡᠷᠦᠬᠡ ᠶᠢᠨ ᠵᠣᠷᠯᠣᠩ ᠢ ᠬᠡᠷᠡᠭᠯᠡᠬᠦ ᠨᠣᠷᠮ᠎ᠠ ᠶᠢ | ᠳᠡᠭᠡᠭᠰᠢᠯᠡᠭᠦᠯᠬᠦ ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠴᠢᠩᠭᠠᠳᠬᠠᠵᠤ᠂ | ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠶᠠᠷᠢᠶ᠎ᠠ | ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠳᠠᠭᠠᠯᠳᠤᠭᠤᠯᠤᠯ 1᠄ ᠰᠢᠭᠤᠶᠢᠲᠤ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ 2023 ᠣᠨ ᠤ ᠡᠷᠦᠬᠡ ᠶᠢᠨ | ᠵᠣᠷᠯᠣᠩ ᠢ ᠥᠭᠡᠷᠡᠴᠢᠯᠡᠬᠦ ᠲᠥᠯᠥᠪᠯᠡᠭᠡ ᠶᠢᠨ ᠬᠦᠰᠦᠨᠦᠭᠲᠦ | | |