ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠭᠤᠶᠢᠲᠤ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠲᠥᠰᠥᠯ︾  ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/6
ᠵᠢᠪᠬᠤᠯᠠᠩᠲᠤ ᠰᠤᠮᠤ᠂ ᠪᠡᠳᠬᠡᠷ ᠵᠣᠣ ᠪᠠᠯᠭᠠᠰᠤ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠠ ᠳ᠋ᠧ ᠾᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄        2023 ᠣᠨ ᠤ 5 ᠰᠠᠷ᠎ᠠ ᠶᠢᠨ 17 ᠤ ᠡᠳᠦᠷ ᠬᠤᠷᠠᠯᠳᠤᠭᠰᠠᠨ ᠰᠢᠭᠤᠶᠢᠲᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠵᠦ᠂ ᠡᠳᠦᠭᠡ ︽ᠰᠢᠭᠤᠶᠢᠲᠤ ᠲᠣᠭᠤᠷᠢᠭ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                      2023 ᠣᠨ ᠤ 6 ᠰᠠᠷ᠎ᠠ ᠶᠢᠨ 20 ᠤ ᠡᠳᠦᠷ         ᠰᠢᠭᠤᠶᠢᠲᠤ ᠲᠣᠭᠤᠷᠢᠭ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠲᠥᠰᠥᠯ        ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ ᠬᠡᠷᠡᠭᠯᠡᠵᠦ ᠬᠠᠮᠢᠶᠠᠷᠬᠤ ᠪᠠ ᠬᠠᠮᠠᠭᠠᠯᠠᠬᠤ ᠶᠢ ᠴᠢᠩᠭᠠᠳᠬᠠᠵᠤ᠂ ᠬᠤᠣᠷ ᠦᠭᠡᠢ ᠪᠣᠯᠭᠠᠨ ᠰᠢᠢᠳᠪᠦᠷᠢᠯᠡᠬᠦ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠪᠠᠭᠠᠰᠤᠨ ᠪᠣᠷᠳᠣᠭᠤᠷ ᠢ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠬᠤᠷᠢᠭᠯᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠤᠷᠳᠤ ᠬᠤᠭᠤᠴᠠᠭ᠎ᠠ ᠪᠠᠷ ᠦᠷ᠎ᠡ ᠠᠰᠢᠭ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠣᠨᠴᠠᠭᠠᠶᠢᠯᠠᠨ ᠲᠤᠰ ᠲᠥᠰᠥᠯ ᠢ ᠲᠣᠭᠲᠠᠭᠠᠪᠠ᠃        ᠨᠢᠭᠡ᠂ ᠵᠢᠯᠤᠭᠤᠳᠬᠤ ᠦᠵᠡᠯ ᠰᠠᠨᠠᠭ᠎ᠠ         ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠥᠯᠥᠪᠦᠷᠢ ᠲᠠᠢ ᠪᠠᠷ ᠦᠢᠯᠡᠴᠢᠯᠡᠬᠦ ᠵᠠᠷᠴᠢᠮ ᠢ ᠪᠠᠷᠢᠮᠲᠠᠯᠠᠨ᠂ ᠪᠣᠯᠪᠠᠰᠤᠷᠠᠩᠭᠤᠢ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠢᠳᠡᠪᠬᠢᠲᠡᠢ ᠪᠠᠷ ᠰᠦᠪᠡᠭᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠭᠰᠡᠨ ᠤ ᠳᠠᠷᠠᠭᠠᠬᠢ ᠬᠠᠮᠢᠶᠠᠷᠤᠯᠲᠠ᠂ ᠰᠡᠯᠪᠢᠨ ᠵᠠᠰᠠᠯᠲᠠ ᠵᠢᠴᠢ ᠪᠣᠬᠢᠷ ᠤᠰᠤ ᠶᠢ ᠰᠢᠢᠳᠪᠦᠷᠢᠯᠡᠬᠦ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠪᠠ ᠪᠣᠬᠢᠷᠲᠤᠯ ᠦᠭᠡᠢ᠂ ᠠᠮᠢ ᠠᠬᠤᠢ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃        ᠬᠤᠶᠠᠷ᠂ ᠠᠵᠢᠯ ᠤᠨ ᠬᠠᠷᠠᠯᠲᠠ          ︽ᠲᠤᠰᠬᠠᠢ ᠬᠥᠮᠥᠨ ᠢᠶᠠᠷ ᠬᠠᠮᠢᠶᠠᠷᠤᠭᠤᠯᠬᠤ᠂ ᠲᠦᠷᠭᠡᠨ ᠰᠡᠯᠪᠢᠨ ᠵᠠᠰᠠᠬᠤ᠂ ᠴᠠᠭ ᠲᠤᠬᠠᠢ ᠳᠤᠨᠢ ᠲᠡᠳᠡᠨ ᠠᠪᠴᠤ᠂ ᠰᠢᠨᠵᠢᠯᠡᠬᠦ ᠤᠬᠠᠭᠠᠨᠴᠢ ᠪᠠᠷ ᠠᠰᠢᠭᠯᠠᠬᠤ︾ ᠠᠵᠢᠯ ᠤᠨ ᠬᠠᠷᠠᠯᠲᠠ ᠶᠢᠨ ᠶᠣᠰᠣᠭᠠᠷ᠂ ᠬᠠᠮᠢᠶᠠᠷᠤᠯᠲᠠ ᠶᠢᠨ ᠡᠩᠨᠡᠭᠡ ᠪᠠᠶᠢᠭᠤᠯᠤᠨ᠂ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠵᠣᠷᠯᠣᠩ ᠢ ᠥᠭᠡᠷᠡᠴᠢᠯᠡᠨ ᠪᠠᠶᠢᠭᠤᠯᠬᠤ ᠶᠢᠨ ᠳᠠᠷᠠᠭᠠᠬᠢ ᠵᠠᠯᠭᠠᠮᠵᠢ ᠠᠵᠢᠯ ᠢ ᠰᠠᠶᠢᠲᠤᠷ ᠬᠢᠵᠦ᠂ ᠵᠣᠷᠯᠣᠩ ᠡᠪᠳᠡᠷᠡᠪᠡᠯ ᠵᠠᠰᠠᠬᠤ ᠬᠥᠮᠥᠨ ᠪᠠᠶᠢᠬᠤ᠂ ᠪᠠᠭᠠᠰᠤ ᠰᠢᠩᠭᠡᠨ ᠳᠦᠭᠦᠷᠪᠡᠯ ᠲᠠᠲᠠᠬᠤ ᠬᠥᠮᠥᠨ ᠪᠠᠶᠢᠬᠤ᠂ ᠠᠪᠴᠤ ᠶᠠᠪᠤᠭᠰᠠᠨ ᠤ ᠳᠠᠷᠠᠭ᠎ᠠ ᠪᠦᠲᠦᠮᠵᠢᠲᠡᠢ ᠬᠡᠷᠡᠭᠯᠡᠬᠦ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠬᠠᠮᠢᠶᠠᠷᠬᠤ᠂ ᠬᠤᠷᠢᠶᠠᠬᠤ᠂ ᠬᠡᠷᠡᠭᠯᠡᠬᠦ ᠶᠢ ᠵᠡᠷᠭᠡ ᠳᠤᠨᠢ ᠴᠢᠬᠤᠯᠠᠴᠢᠯᠠᠬᠤ᠂ ᠬᠠᠷᠢᠭᠤᠴᠠᠯᠭ᠎ᠠ᠂ ᠡᠷᠬᠡ᠂ ᠨᠢᠭᠡᠳᠦᠯᠲᠡᠢ ᠪᠠᠶᠢᠯᠭᠠᠬᠤ︾ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃          ᠭᠤᠷᠪᠠ ᠂ ᠦᠨᠳᠦᠰᠦᠨ ᠵᠠᠷᠴᠢᠮ         ( ᠨᠢᠭᠡ ) ᠪᠠᠶᠢᠭᠤᠯᠬᠤ ᠪᠠ ᠬᠠᠮᠢᠶᠠᠷᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠬᠤ ᠬᠡᠷᠡᠭᠲᠡᠢ᠃ ᠠᠶᠢᠯ ᠲᠣᠰᠬᠤᠨ ᠢ ᠪᠦᠭᠦᠨ ᠢ ᠬᠠᠮᠤᠷᠬᠤ ᠱᠠᠭᠠᠷᠳᠠᠯᠭ᠎ᠠ ᠶᠣᠰᠣᠭᠠᠷ ᠵᠣᠷᠯᠣᠩ ᠢ ᠥᠭᠡᠷᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠶᠢᠭᠤᠯᠤᠯᠲᠠ ᠬᠠᠮᠢᠶᠠᠷᠤᠯᠲᠠ ᠶᠢ ᠵᠡᠷᠭᠡᠪᠡᠷ ᠬᠡᠷᠡᠭᠵᠢᠭᠦᠯᠦᠨ᠂ ᠠᠷᠤ ᠲᠠᠯ᠎ᠠ ᠳᠤᠨᠢ ᠬᠠᠮᠠᠭᠠᠯᠠᠬᠤ ᠳᠤ᠂ ᠪᠠᠭᠠᠰᠤ ᠰᠢᠩᠭᠡᠨ ᠭᠠᠳᠠᠭᠰᠢᠯᠠᠭᠤᠯᠬᠤ ᠶᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠬᠤᠶᠠᠳᠠᠭᠢ ᠤᠳᠠᠭ᠎ᠠ ᠪᠣᠬᠢᠷᠲᠤᠭᠤᠯᠬᠤ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃          ( ᠬᠤᠶᠠᠷ ) ᠬᠥᠮᠥᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠲᠠᠷᠢᠶᠠᠴᠢᠳ ᠤᠨ ᠭᠤᠣᠯ ᠴᠣᠭᠴᠠ ᠪᠤᠯᠬᠤ ᠪᠠᠶᠢᠷᠢ ᠰᠠᠭᠤᠷᠢ ᠶᠢ ᠲᠣᠪᠤᠶᠢᠯᠭᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠨᠳᠦᠳᠭᠡᠵᠦ᠂ ᠠᠮᠢᠳᠤᠷᠠᠯ ᠤᠨ ᠰᠠᠶᠢᠨ ᠰᠠᠶᠢᠬᠠᠨ ᠳᠠᠳᠬᠠᠯ ᠢ ᠬᠥᠮᠥᠵᠢᠭᠦᠯᠦᠨ᠂ ᠵᠣᠷᠯᠣᠩ ᠤᠨ ᠬᠠᠮᠢᠶᠠᠷᠤᠯᠲᠠ ᠪᠣᠯᠣᠨ ᠬᠠᠮᠠᠭᠠᠯᠠᠯᠲᠠ ᠳᠤ ᠲᠠᠷᠢᠶᠠᠴᠢᠨ ᠡᠷᠦᠭᠡ ᠶᠢᠨ ᠣᠷᠤᠯᠴᠠᠬᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃          ( ᠭᠤᠷᠪᠠ ) ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠲᠣᠰᠬᠤᠨ ᠰᠠᠭᠤᠭᠠᠯᠢ ᠶᠢᠨ ᠬᠢᠨᠢ ᠭᠤᠣᠯ ᠴᠣᠭᠴᠠ ᠪᠤᠯᠬᠤ᠂ ᠪᠦᠭᠦ ᠠᠷᠠᠳ ᠢᠶᠠᠷ ᠢᠶᠠᠨ ᠣᠷᠤᠯᠴᠠᠬᠤ ᠵᠠᠷᠴᠢᠮ ᠤᠨ ᠶᠣᠰᠣᠭᠠᠷ᠂ ᠵᠠᠰᠠᠭ ᠤᠨ ᠣᠷᠳᠣᠨ ᠠᠴᠠ ᠨᠢᠭᠡᠳᠦᠯᠲᠡᠢ ᠤᠳᠤᠷᠢᠳᠤᠭᠰᠠᠨ᠂ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠵᠣᠬᠢᠰᠲᠠᠢ ᠨᠥᠬᠦᠪᠦᠷᠢ ᠥᠭᠭᠦᠭᠰᠡᠨ᠂ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠢ ᠬᠠᠷᠢᠯᠴᠠᠨ ᠤᠶᠠᠯᠳᠤᠭᠤᠯᠤᠭᠰᠠᠨ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠣᠷᠣᠨ᠂ ᠰᠤᠮᠤ ᠪᠠᠯᠭᠠᠰᠤ ( ᠵᠡᠭᠡᠯᠢ ᠭᠤᠳᠤᠮᠵᠢ )᠂ ᠲᠣᠰᠬᠤᠨ ᠭᠤᠷᠪᠠᠨ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠶᠢ ᠬᠡᠷᠡᠭᠵᠢᠭᠦᠯᠵᠦ᠂ ᠱᠠᠲᠤ ᠬᠤᠪᠢᠶᠠᠨ ᠬᠠᠷᠢᠭᠤᠴᠠᠬᠤ ᠬᠡᠷᠡᠭᠲᠡᠢ᠃          ( ᠳᠥᠷᠪᠡ ) ᠣᠷᠭᠠᠨᠢᠭ ᠤᠶᠠᠯᠳᠤᠯ ᠢ ᠪᠠᠷᠢᠮᠲᠠᠯᠠᠬᠤ ᠬᠡᠷᠡᠭᠲᠡᠢ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠬᠢᠭᠡᠳ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ᠂ ᠲᠡᠳᠡᠨ ᠠᠪᠴᠤ ᠠᠰᠢᠭᠯᠠᠬᠤ ᠵᠡᠷᠭᠡ ᠶᠢ ᠬᠠᠷᠢᠯᠴᠠᠨ ᠤᠶᠠᠯᠳᠤᠭᠤᠯᠵᠤ᠂ ᠣᠳᠣ ᠪᠠᠶᠢᠭ᠎ᠠ ᠬᠥᠮᠥᠰ ᠂ ᠲᠥᠬᠦᠭᠡᠷᠦᠮᠵᠢ ᠪᠣᠯᠣᠨ ᠡᠬᠢ ᠪᠠᠶᠠᠯᠢᠭ ᠢ ᠭᠦᠢᠴᠡᠳ ᠠᠰᠢᠭᠯᠠᠨ᠂ ᠬᠡᠪ ᠤᠨ ᠬᠠᠮᠢᠶᠠᠷᠤᠯᠲᠠ ᠶᠢ ᠪᠣᠳᠣᠯᠬᠢᠯᠠᠵᠤ᠂ ᠪᠣᠬᠢᠷᠳᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠪᠦᠭᠦᠨ ᠢ ᠬᠠᠮᠤᠷᠬᠤ᠂ ᠨᠠᠷᠢᠯᠢᠭᠵᠢᠭᠤᠯᠤᠭᠰᠠᠨ᠂ ᠬᠡᠪᠰᠢᠭᠦᠯᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃         ᠳᠥᠷᠪᠡ᠂ ᠠᠬᠢᠭᠤᠯᠬᠤ ᠠᠷᠭ᠎ᠠ ᠬᠡᠮᠵᠢᠶ᠎ᠡ          ( ᠨᠢᠭᠡ ) ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠬᠤ ᠬᠡᠷᠡᠭᠲᠡᠢ᠃ ᠰᠤᠮᠤ ᠪᠠᠯᠭᠠᠰᠤ ( ᠵᠡᠭᠡᠯᠢ ᠭᠤᠳᠤᠮᠵᠢ ) ᠨᠢ ᠵᠣᠷᠯᠣᠩ ᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠵᠤ᠂ ᠬᠥᠳᠡᠭᠡ ᠲᠣᠰᠬᠤᠨ ᠤ ᠵᠣᠷᠯᠣᠩ ᠢ ᠬᠤᠣᠷ ᠦᠭᠡᠶᠢᠳᠡᠭᠦᠯᠦᠨ ᠥᠭᠡᠷᠡᠴᠢᠯᠡᠭᠰᠡᠨ ᠤ ᠳᠠᠷᠠᠭᠠᠬᠢ ᠬᠤᠶᠢᠨᠠᠬᠢ ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠵᠤ᠂ ︽ᠰᠤᠮᠤ ᠪᠠᠯᠭᠠᠰᠤ ( ᠵᠡᠭᠡᠯᠢ ᠭᠤᠳᠤᠮᠵᠢ ) ᠶᠢᠨ ᠭᠤᠣᠯ ᠴᠣᠭᠴᠠ ᠪᠤᠯᠬᠤ᠂ ᠭᠠᠴᠠᠭ᠎ᠠ ᠲᠣᠰᠬᠤᠨ ᠬᠠᠷᠢᠭᠤᠴᠠᠬᠤ︾ ᠳᠦᠷᠢᠮ ᠢ ᠬᠡᠷᠡᠭᠵᠢᠭᠦᠯᠦᠨ᠎ᠡ ᠃          ( ᠬᠤᠶᠠᠷ) ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠦᠢᠯᠡᠴᠢᠯᠡᠭᠡᠨ ᠤ ᠠᠩᠭᠢ ᠶᠢ ᠪᠠᠶᠢᠭᠤᠯᠤᠨ᠎ᠠ᠃ ᠰᠤᠮᠤ ᠪᠠᠯᠭᠠᠰᠤ ︵ᠵᠡᠭᠡᠯᠢ ᠭᠤᠳᠤᠮᠵᠢ︶ ᠨᠢ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠵᠠᠷᠴᠢᠮ ᠤᠨ ᠶᠣᠰᠣᠭᠠᠷ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠦᠢᠯᠡᠴᠢᠯᠡᠭᠡᠨ ᠤ ᠳ᠋ᠢᠶᠠᠩᠬᠤᠸᠠ ᠶᠢ ᠨᠡᠶᠢᠲᠡᠯᠡᠵᠦ᠂ ᠵᠣᠷᠯᠣᠩ ᠡᠪᠳᠡᠭᠰᠡᠨ ᠨᠢ ᠰᠡᠯᠪᠢᠨ ᠵᠠᠰᠠᠬᠤ᠂ ᠪᠠᠭᠠᠰᠤ ᠰᠢᠭᠡᠰᠦ ᠶᠢ ᠴᠡᠪᠡᠷᠯᠡᠬᠦ ᠪᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ ᠪᠣᠳᠠᠲᠠᠢ ᠡᠭᠦᠷᠭᠡᠯᠡᠬᠦ ᠬᠡᠷᠡᠭᠲᠡᠢ᠃ ᠨᠡᠶᠢᠭᠡᠮ ᠤᠨ ᠬᠦᠴᠦᠨ᠂ ᠲᠤᠰ ᠭᠠᠵᠠᠷ ᠤᠨ ᠣᠢ ᠰᠢᠭᠤᠢ ᠦᠷ᠎ᠡ ᠵᠢᠮᠢᠰ ᠲᠠᠷᠢᠬᠤ᠂ ᠠᠮᠢ ᠠᠬᠤᠢ ᠶᠢᠨ ᠲᠠᠷᠢᠶᠠᠯᠠᠩ᠂ ᠲᠠᠷᠢᠶᠠᠯᠠᠩ ᠤᠨ ᠬᠤᠷᠰᠢᠶ᠎ᠠ ᠵᠡᠷᠭᠡ ᠬᠡᠪᠴᠢᠶᠡᠵᠢᠭᠰᠡᠨ ᠲᠠᠷᠢᠮᠠᠯ ᠤᠨ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠡᠵᠡᠩᠨᠡᠯᠲᠡ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃          ( ᠭᠤᠷᠪᠠ ) ᠪᠠᠭᠠᠰᠤ ᠰᠢᠭᠡᠰᠦ ᠶᠢᠨ ᠰᠢᠩᠭᠡᠨ ᠢ ᠠᠰᠢᠭᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠭᠠᠰᠤ ᠰᠢᠩᠭᠡᠨ ᠢ ᠴᠤᠭᠯᠠᠭᠤᠯᠤᠭᠰᠠᠨ ᠤ ᠳᠠᠷᠠᠭ᠎ᠠ ᠡᠩ ᠲᠡᠷᠢᠭᠦᠨ ᠳᠤ ᠣᠷᠭᠠᠨᠢᠭ ᠪᠣᠷᠳᠣᠭᠤᠷ ᠪᠤᠯᠭᠠᠵᠤ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠬᠡᠷᠡᠭᠲᠡᠢ᠂ ᠳᠤᠷ᠎ᠠ ᠪᠠᠷ ᠢᠶᠠᠨ ᠴᠢᠳᠬᠤᠬᠤ ᠶᠢ ᠴᠢᠩᠭ᠎ᠠ ᠴᠠᠭᠠᠵᠠᠯᠠᠵᠤ᠂ ᠣᠷᠴᠢᠨ ᠲᠣᠭᠤᠷᠢᠨ ᠤ ᠰᠢᠨ᠎ᠡ ᠪᠣᠬᠢᠷᠳᠤᠯ ᠡᠭᠦᠰᠬᠡᠬᠦ ᠶᠢ ᠰᠡᠷᠭᠡᠶᠢᠯᠡᠬᠦ ᠬᠡᠷᠡᠭᠲᠡᠢ᠃ ᠦᠨᠡᠨᠬᠦ ᠲᠤᠬᠠᠢ ᠶᠢᠨ ᠭᠠᠵᠠᠷ ᠲᠤᠨᠢ ᠪᠤᠴᠠᠭᠠᠵᠤ ᠲᠠᠷᠢᠶᠠᠨ ᠳᠤ ᠣᠷᠣᠭᠤᠯᠬᠤ ᠶᠢᠨ ᠠᠷᠭ᠎ᠠ ᠦᠭᠡᠢ ᠠᠶᠢᠯ ᠲᠣᠰᠬᠤᠨ ᠢ ᠪᠣᠯ ᠰᠤᠮᠤ ᠪᠠᠯᠭᠠᠰᠤ ︵ᠵᠡᠭᠡᠯᠢ ᠭᠤᠳᠤᠮᠵᠢ︶ ᠠᠴᠠ ᠠᠶᠢᠯ ᠲᠣᠰᠬᠤᠨ ᠤ ᠪᠠᠶ᠋ᠢᠷᠢᠰᠢᠭᠤᠯᠤᠯ ᠢ ᠦᠨᠳᠦᠰᠦᠯᠡᠨ ᠣᠷᠣᠨ ᠤ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠪᠠᠷᠢᠮᠵᠢᠶᠠᠵᠢᠭᠤᠯᠤᠭᠰᠠᠨ ᠪᠠᠭᠠᠰᠤ ᠰᠢᠭᠡᠰᠦ ᠶᠢ ᠴᠤᠭᠯᠠᠭᠤᠯᠤᠨ ᠬᠠᠳᠠᠭᠠᠯᠠᠬᠤ ᠴᠢᠭ᠂ ᠲᠣᠮᠣ ᠭᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠬᠤᠳᠠᠯᠳᠤᠨ ᠠᠪᠬᠤ ᠶᠢ ᠲᠥᠯᠥᠪᠵᠢᠭᠦᠯᠵᠦ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠦᠢᠯᠡᠴᠢᠯᠡᠭᠡᠨ ᠤ ᠠᠩᠭᠢ ᠠᠴᠠ ᠴᠤᠭᠯᠠᠭᠤᠯᠤᠭᠰᠠᠨ ᠪᠠᠭᠠᠰᠤ ᠰᠢᠩᠭᠡᠨ ᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠬᠦᠷᠭᠡᠵᠦ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠡᠷᠡᠭᠲᠡᠢ᠃          ᠲᠠᠪᠤ᠂ ᠪᠡᠯᠡ ᠮᠥᠩᠭᠦ ᠶᠢᠨ ᠨᠥᠬᠦᠪᠦᠷᠢ          ᠣᠳᠣᠬᠠᠨ ᠳᠤ ᠰᠢᠭᠤᠶᠢᠲᠤ ᠲᠣᠭᠤᠷᠢᠭ ᠲᠤ 791 ᠡᠷᠦᠭᠡ ᠡᠷᠡᠭᠦᠯ ᠬᠠᠮᠠᠭᠠᠯᠠᠯ ᠤᠨ ᠡᠷᠦᠭᠡ ᠵᠣᠷᠯᠣᠩ ᠪᠠᠷᠢᠵᠤ᠂ 2023 ᠣᠨ ᠳᠤ 85 ᠡᠷᠦᠭᠡ ᠡᠷᠡᠭᠦᠯ ᠬᠠᠮᠠᠭᠠᠯᠠᠯ ᠤᠨ ᠡᠷᠦᠭᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ 2024 ︱ 2025 ᠣᠨ ᠳᠤ 144 ᠡᠷᠦᠭᠡ ᠡᠷᠡᠭᠦᠯ ᠬᠠᠮᠠᠭᠠᠯᠠᠯ ᠤᠨ ᠡᠷᠦᠭᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠃ ᠡᠯ᠎ᠡ ᠲᠠᠷᠢᠶᠠᠯᠠᠩ ᠳᠤ ᠬᠤᠯᠪᠣᠭᠳᠠᠬᠤ ᠭᠠᠵᠠᠷ ᠣᠷᠣᠨ ᠨᠤᠭᠤᠳ ᠪᠣᠳᠠᠲᠠᠢ ᠪᠠᠶᠢᠭᠤᠯᠤᠭᠰᠠᠨ ᠡᠷᠡᠭᠦᠯ ᠬᠠᠮᠠᠭᠠᠯᠠᠯ ᠤᠨ ᠡᠷᠦᠭᠡ ᠶᠢᠨ ᠵᠣᠷᠯᠣᠩ ᠤᠨ ᠲᠤᠭ᠎ᠠ ᠬᠡᠮᠵᠢᠶ᠎ᠡ ᠶᠢ ᠦᠨᠳᠦᠰᠦᠯᠡᠨ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠭᠤᠶᠤᠴᠢᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠢᠯ ᠪᠦᠷᠢ ᠡᠷᠦᠭᠡ ᠶᠢᠨ ᠵᠣᠷᠯᠣᠩ ᠢ ᠤᠷᠲᠤ ᠬᠤᠭᠤᠴᠠᠭ᠎ᠠ ᠪᠠᠷ ᠦᠷ᠎ᠡ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠠᠵᠢᠯ ᠳᠤ ᠡᠯ᠎ᠡ ᠭᠠᠵᠠᠷ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ ᠶᠢᠨ ᠳᠡᠮᠵᠢᠯᠭᠡ ᠣᠯᠭᠤᠵᠤ᠂ ᠲᠤᠰ ᠵᠢᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢᠨ ᠦᠯᠡᠳᠡᠪᠦᠷᠢ ᠶᠢ ᠳᠠᠷᠠᠭ᠎ᠠ ᠨᠢᠭᠡ ᠵᠢᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠪᠣᠯᠭᠠᠨ ᠠᠶᠠᠨᠳᠠᠭᠠᠨ ᠰᠢᠯᠵᠢᠭᠦᠯᠵᠦ᠂ ᠨᠥᠬᠦᠪᠦᠷᠢ ᠪᠡᠯᠡ ᠮᠥᠩᠭᠦ ᠶᠢ ᠡᠷᠦᠭᠡ ᠶᠢᠨ ᠵᠣᠷᠯᠣᠩ ᠢ ᠬᠠᠮᠠᠭᠠᠯᠠᠬᠤ ᠲᠤᠰᠬᠠᠢ ᠪᠡᠯᠡ ᠮᠥᠩᠭᠦ ᠪᠤᠯᠭᠠᠵᠤ᠂ ᠪᠤᠰᠤᠳ ᠡᠷᠡᠭᠦᠯ ᠬᠠᠮᠠᠭᠠᠯᠠᠯ ᠤᠨ ᠡᠷᠦᠭᠡ ᠶᠢᠨ ᠵᠣᠷᠯᠣᠩ ᠢ ᠤᠷᠲᠤ ᠬᠤᠭᠤᠴᠠᠭ᠎ᠠ ᠪᠠᠷ ᠦᠷ᠎ᠡ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠯᠤᠭ᠎ᠠ ᠬᠤᠯᠪᠣᠭᠳᠠᠯ ᠦᠭᠡᠢ ᠵᠠᠷᠤᠯᠭ᠎ᠠ ᠬᠡᠷᠡᠭᠯᠡᠬᠦ ᠶᠢ ᠴᠠᠭᠠᠵᠠᠯᠠᠨ᠎ᠠ᠃ ᠵᠢᠯ ᠪᠦᠷᠢ ᠶᠢᠨ ᠡᠷᠦᠭᠡ ᠶᠢᠨ ᠵᠣᠷᠯᠣᠩ ᠢ ᠬᠠᠮᠠᠭᠠᠯᠠᠬᠤ ᠪᠡᠯᠡ ᠮᠥᠩᠭᠦ ᠶᠢ ᠣᠷᠣᠨ ᠤ ᠵᠠᠰᠠᠭ ᠤᠨ ᠣᠷᠳᠣᠨ ᠨᠥᠬᠦᠪᠦᠷᠢ᠂ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠲᠠᠷᠢᠶᠠᠯᠠᠬᠤ ᠡᠷᠦᠭᠡ ᠥᠪᠡᠷ ᠲᠡᠭᠡᠨ ᠴᠤᠭᠯᠠᠭᠤᠯᠬᠤ ᠶᠠᠪᠤᠳᠠᠯ ᠢᠶᠠᠷ ᠪᠦᠷᠢᠯᠳᠦᠵᠦ᠂ ᠵᠢᠯ ᠪᠦᠷᠢ ᠡᠷᠦᠭᠡ ᠪᠦᠷᠢ ᠶᠢᠨ ᠵᠣᠷᠯᠣᠩ ᠢ ᠬᠠᠮᠠᠭᠠᠯᠠᠬᠤ ᠵᠠᠷᠤᠳᠠᠯ ᠢ 300 ᠲᠥᠭᠦᠷᠢᠭ ᠪᠤᠳᠣᠵᠤ᠂ ᠡᠭᠦᠨ ᠳᠤ ᠰᠢᠶᠠᠩ ᠪᠠᠯᠭᠠᠰᠤ ᠶᠢᠨ ᠨᠥᠬᠦᠪᠦᠷᠢ 80 % ( ᠲᠥᠰᠥᠪ ᠤᠨ ᠳᠣᠲᠣᠷᠠᠬᠢ ᠪᠡᠯᠡ ᠮᠥᠩᠭᠦ )᠂ ᠭᠠᠴᠠᠭ᠎ᠠ ᠲᠣᠰᠬᠤᠨ ᠤ ᠨᠥᠬᠦᠪᠦᠷᠢ 10 %᠂ ᠲᠠᠷᠢᠶᠠᠯᠠᠬᠤ ᠡᠷᠦᠭᠡ ᠥᠪᠡᠷᠲᠡᠭᠡᠨ 10 % ᠴᠤᠭᠯᠠᠭᠤᠯᠤᠨ᠎ᠠ᠃         ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ          ( ᠨᠢᠭᠡ ) ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠲᠣᠭᠤᠷᠢᠭ  ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠪᠦᠭᠦ ᠲᠣᠭᠤᠷᠢᠭ  ᠤᠨ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠭᠰᠡᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠤᠨ ᠵᠣᠬᠢᠴᠠᠭᠤᠯᠬᠤ ᠪᠠ ᠮᠡᠷᠭᠡᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ᠃ ᠰᠤᠮᠤ ᠪᠠᠯᠭᠠᠰᠤ ( ᠵᠡᠭᠡᠯᠢ ᠭᠤᠳᠤᠮᠵᠢ ) ᠪᠣᠯ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠭᠰᠡᠨ ᠤ ᠳᠠᠷᠠᠭᠠᠬᠢ ᠦᠷᠭᠦᠯᠵᠢᠯᠡᠨ ᠬᠠᠮᠢᠶᠠᠷᠴᠤ ᠬᠠᠮᠠᠭᠠᠯᠠᠨ ᠨᠠᠶᠢᠳᠠᠪᠤᠷᠢᠵᠢᠭᠤᠯᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠤ ᠨᠢᠭᠡᠴᠡ ᠪᠤᠯᠬᠤ ᠲᠤᠯᠠ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠢ ᠬᠢᠬᠦ ᠬᠠᠯᠠᠭᠤᠨ ᠰᠡᠳᠬᠢᠯᠭᠡ ᠪᠠᠷ ᠵᠣᠷᠯᠣᠩ ᠢ ᠥᠭᠡᠷᠡᠴᠢᠯᠡᠭᠰᠡᠨ ᠤ ᠳᠠᠷᠠᠭᠠᠬᠢ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠡᠳᠦᠷ ᠳᠣᠳᠣᠮ ᠤᠨ ᠰᠡᠯᠪᠢᠨ ᠵᠠᠰᠠᠬᠤ ᠪᠠ ᠠᠷᠢᠭᠤᠨ ᠴᠡᠪᠡᠷ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠠᠶᠢᠩᠭᠤ ᠶᠢᠨ ᠴᠢᠨᠠᠷᠲᠠᠢ ᠪᠠᠶᠢᠴᠠᠭᠠᠵᠤ ᠰᠢᠯᠭᠠᠨ ᠬᠢᠨᠠᠬᠤ ᠶᠢ ᠥᠷᠨᠢᠭᠦᠯᠦᠨ᠂ ᠵᠣᠷᠯᠣᠩ ᠤᠨ ᠬᠡᠪ ᠤᠨ ᠠᠵᠢᠯᠯᠠᠭᠠᠨ ᠪᠠ ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ᠃ ᠭᠠᠴᠠᠭ᠎ᠠ ᠲᠣᠰᠬᠤᠨ ᠪᠣᠯ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢᠨ ᠰᠢᠭᠤᠳ ᠠᠰᠢᠭ ᠭᠦᠷᠲᠡᠭᠴᠢ᠂ ᠬᠥᠳᠡᠭᠡ ᠲᠣᠰᠬᠤᠨ ᠤ ᠵᠣᠷᠯᠣᠩ ᠢ ᠬᠠᠮᠠᠭᠠᠯᠠᠬᠤ ᠶᠢᠨ ᠡᠳᠦᠷ ᠳᠣᠳᠣᠮ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠤ ᠨᠢᠭᠡᠴᠡ ᠪᠣᠯᠣᠨ᠎ᠠ᠃           ( ᠬᠤᠶᠠᠷ ) ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠣᠯᠠᠨ ᠨᠡᠶᠢᠲᠡ ᠶᠢᠨ ᠡᠳ᠋ ᠤᠨ ᠵᠠᠰᠠᠭ ᠵᠣᠬᠢᠬᠤ ᠬᠡᠮᠵᠢᠶ᠎ᠡ ᠪᠠᠷ ᠨᠥᠬᠦᠪᠦᠷᠢᠯᠡᠬᠦ᠂ ᠵᠠᠬ᠎ᠠ ᠳᠡᠯᠭᠡᠭᠦᠷᠴᠢᠯᠡᠬᠦ ᠦᠢᠯᠡᠴᠢᠯᠡᠭᠡᠨ ᠢ ᠬᠠᠷᠢᠯᠴᠠᠨ ᠤᠶᠠᠯᠳᠤᠭᠤᠯᠬᠤ ᠵᠠᠷᠴᠢᠮ ᠤᠨ ᠶᠣᠰᠣᠭᠠᠷ᠂ ᠪᠡᠯᠡ ᠮᠥᠩᠭᠦ ᠶᠢᠨ ᠪᠠᠲᠤᠯᠠᠭ᠎ᠠ ᠶᠢᠨ ᠪᠦᠷᠢᠨ ᠲᠡᠭᠦᠯᠳᠡᠷ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠣᠷᠣᠨ ᠤ ᠡᠳ᠋ ᠤᠨ ᠵᠠᠰᠠᠭ ᠨᠢ ᠪᠣᠳᠠᠲᠠᠢ ᠪᠠᠷ ᠢᠶᠠᠨ ᠡᠷᠦᠭᠡ ᠶᠢᠨ ᠵᠣᠷᠯᠣᠩ ᠢ ᠥᠭᠡᠷᠡᠴᠢᠯᠡᠬᠦ ᠲᠤᠭ᠎ᠠ ᠶᠢ ᠪᠡᠶᠡᠯᠡᠭᠦᠯᠵᠦ᠂ ᠵᠢᠯ ᠪᠦᠷᠢ ᠵᠣᠬᠢᠬᠤ ᠬᠡᠮᠵᠢᠶᠡᠨ ᠤ ᠬᠠᠮᠠᠭᠠᠯᠠᠬᠤ ᠵᠠᠷᠤᠳᠠᠯ ᠢ ᠪᠠᠲᠤᠯᠠᠨ᠂ ᠰᠤᠮᠤ ᠪᠠᠯᠭᠠᠰᠤ ( ᠵᠡᠭᠡᠯᠢ ᠭᠤᠳᠤᠮᠵᠢ ) ᠨᠢ ᠲᠠᠷᠢᠶᠠᠯᠠᠩ ᠳᠤ ᠬᠤᠯᠪᠣᠭᠳᠠᠬᠤ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢᠨ ᠶᠣᠰᠣᠭᠠᠷ᠂ ᠪᠡᠯᠡ ᠮᠥᠩᠭᠦ ᠬᠡᠷᠡᠭᠯᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠵᠦ᠂ ᠢᠯᠡ ᠲᠣᠳᠣ ᠪᠠᠶᠢᠯᠭᠠᠬᠤ ᠬᠡᠷᠡᠭᠲᠡᠢ᠃ ᠨᠥᠬᠦᠴᠡᠯ ᠲᠠᠢ ᠲᠣᠰᠬᠤᠨ ᠤ ᠬᠠᠮᠲᠤ ᠨᠡᠶᠢᠲᠡ ᠪᠣᠯᠣᠨ ᠨᠡᠶᠢᠭᠡᠮ ᠤᠨ ᠬᠢᠨ ᠤ ᠡᠳ᠋ ᠮᠥᠩᠭᠦ ᠪᠠᠷ ᠲᠤᠰᠠᠯᠠᠬᠤ ᠶᠢ ᠰᠠᠨᠠᠭᠠᠴᠢᠯᠠᠵᠤ᠂ ᠪᠡᠯᠡ ᠮᠥᠩᠭᠦ ᠶᠢᠨ ᠪᠠᠲᠤᠯᠠᠭ᠎ᠠ ᠶᠢᠨ ᠣᠯᠠᠨ ᠡᠰᠢᠲᠦ ᠲᠣᠭᠲᠠᠴᠠ ᠶᠢ ᠪᠠᠶᠢᠭᠤᠯᠬᠤ ᠬᠡᠷᠡᠭᠲᠡᠢ᠃          ( ᠭᠤᠷᠪᠠ ) ᠬᠢᠨᠠᠨ ᠵᠢᠯᠤᠭᠤᠳᠴᠤ ᠰᠢᠯᠭᠠᠨ ᠬᠢᠨᠠᠬᠤ ᠶᠢ ᠴᠢᠩᠳᠠᠯᠠᠨ᠎ᠠ᠃ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠡᠷᠭᠡᠵᠢᠯ ᠤᠨ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠠᠵᠢᠯ ᠤᠨ ᠳᠤᠮᠳᠠ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠬᠢᠨᠠᠨ ᠬᠠᠷᠭᠤᠭᠤᠯᠬᠤ ᠪᠠ ᠠᠷᠭᠠᠴᠠᠬᠤ ᠪᠣᠳᠣᠯᠭ᠎ᠠ ᠶᠢᠨ ᠰᠤᠳᠤᠯᠤᠯ ᠢ ᠴᠠᠭ ᠲᠤᠬᠠᠢ ᠳᠤᠨᠢ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠᠨ ᠳᠤᠷᠠᠳᠴᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠰᠬᠤᠨ ᠤ ᠬᠠᠮᠲᠤ ᠨᠡᠶᠢᠲᠡ ᠨᠢ ᠡᠷᠡᠭᠦᠯ ᠬᠠᠮᠠᠭᠠᠯᠠᠯ ᠤᠨ ᠡᠷᠦᠭᠡ ᠶᠢᠨ ᠵᠣᠷᠯᠣᠩ ᠢ ᠤᠷᠲᠤ ᠬᠤᠭᠤᠴᠠᠭ᠎ᠠ ᠬᠦᠴᠦᠨ ᠲᠠᠢ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠭᠰᠠᠨ ᠤ ᠬᠤᠪᠢ ᠳᠤ᠂ ᠲᠣᠣᠷᠵᠢᠭᠤᠯᠤᠬᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠠᠷᠢᠶᠠᠯᠠᠬᠤ ᠣᠷᠣᠨ ᠳᠤ ᠬᠤᠯᠪᠣᠭᠳᠠᠭᠰᠠᠨ ᠡᠯ᠎ᠡ ᠭᠠᠵᠠᠷ ᠣᠷᠣᠨ ᠨᠤᠭᠤᠳ ᠠᠷᠢᠭᠤᠨ ᠴᠡᠪᠡᠷ ᠡᠷᠦᠭᠡ ᠶᠢᠨ ᠵᠣᠷᠯᠣᠩ ᠢ ᠤᠷᠲᠤ ᠬᠤᠭᠤᠴᠠᠭ᠎ᠠ ᠪᠠᠷ ᠦᠷ᠎ᠡ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠥᠰᠥᠯ ᠵᠢᠴᠢ ᠡᠯ᠎ᠡ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠡᠷᠦᠭᠡ ᠶᠢᠨ ᠵᠣᠷᠯᠣᠩ ᠢ ᠤᠷᠲᠤ ᠬᠤᠭᠤᠴᠠᠭ᠎ᠠ ᠪᠠᠷ ᠬᠠᠮᠢᠶᠠᠷᠴᠤ ᠬᠠᠮᠠᠭᠠᠯᠠᠬᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠵᠣᠷᠯᠣᠩ ᠢ ᠥᠭᠡᠷᠡᠴᠢᠯᠡᠬᠦ ᠠᠵᠢᠯ ᠢ ᠪᠦᠭᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠢᠨᠠᠨ ᠰᠢᠯᠭᠠᠬᠤ ᠳᠤ ᠣᠷᠣᠭᠤᠯᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠭᠰᠡᠨ ᠤ ᠳᠠᠷᠠᠭᠠᠬᠢ ᠦᠷᠭᠦᠯᠵᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠲᠣᠪᠣᠶᠢᠮ᠎ᠠ ᠪᠡᠶᠡᠯᠡᠭᠦᠯᠦᠭᠰᠡᠨ ᠰᠤᠮᠤ ᠪᠠᠯᠭᠠᠰᠤ ( ᠵᠡᠭᠡᠯᠢ ᠭᠤᠳᠤᠮᠵᠢ ) ᠳᠤ ᠵᠣᠬᠢᠬᠤ ᠬᠤᠪᠢ ᠨᠡᠮᠡᠬᠦ ᠪᠠ ᠱᠠᠩᠨᠠᠨ᠎ᠠ︔ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠭᠰᠡᠨ ᠤ ᠳᠠᠷᠠᠭ᠎ᠠ ᠬᠠᠮᠠᠭᠠᠯᠠᠬᠤ ᠠᠵᠢᠯ ᠢ ᠨᠡᠯᠢᠶᠡᠳ ᠠᠨᠠᠢ ᠰᠤᠮᠤ ᠪᠠᠯᠭᠠᠰᠤ ( ᠵᠡᠭᠡᠯᠢ ᠭᠤᠳᠤᠮᠵᠢ ) ᠶᠢ ᠪᠡᠶᠡᠯᠡᠭᠦᠯᠵᠦ᠂ ᠬᠤᠪᠢ ᠬᠠᠰᠤᠬᠤ ᠪᠠ ᠰᠢᠭᠦᠮᠵᠢᠯᠡᠨ᠎ᠡ᠃          ᠳᠠᠭᠠᠯᠳᠤᠭᠤᠯᠤᠯ᠄ ᠬᠥᠳᠡᠭᠡ ᠲᠣᠰᠬᠤᠨ ᠤ ᠰᠢᠨ᠎ᠡ ᠪᠠᠷ ᠪᠠᠶᠢᠭᠤᠯᠬᠤ ᠡᠷᠦᠭᠡ ᠶᠢᠨ ᠵᠣᠷᠯᠣᠩ ᠢ ᠬᠠᠮᠠᠭᠠᠯᠠᠬᠤ ᠦᠢᠯᠡᠴᠢᠯᠡᠭᠡᠨ ᠤ ᠵᠠᠷᠤᠳᠠᠯ ᠤᠨ ᠪᠡᠯᠡ ᠮᠥᠩᠭᠦ ᠶᠢ ᠲᠥᠰᠥᠭᠡᠯᠡᠨ ᠪᠤᠳᠣᠬᠤ            ᠬᠥᠳᠡᠭᠡ ᠲᠣᠰᠬᠤᠨ ᠤ ᠰᠢᠨ᠎ᠡ ᠪᠠᠷ ᠪᠠᠶᠢᠭᠤᠯᠬᠤ ᠡᠷᠦᠭᠡ ᠶᠢᠨ ᠵᠣᠷᠯᠣᠩ ᠢ ᠬᠠᠮᠠᠭᠠᠯᠠᠬᠤ ᠦᠢᠯᠡᠴᠢᠯᠡᠭᠡᠨ ᠤ ᠵᠠᠷᠤᠳᠠᠯ ᠤᠨ ᠪᠡᠯᠡ ᠮᠥᠩᠭᠦ ᠶᠢ ᠲᠥᠰᠥᠭᠡᠯᠡᠨ ᠪᠤᠳᠣᠬᠤ         ᠨᠢᠭᠡ᠂ ᠤᠰᠤᠨ ᠵᠣᠷᠯᠣᠩ          ᠪᠦᠭᠦ ᠵᠢᠯ ᠤᠨ ᠬᠠᠮᠠᠭᠠᠯᠠᠬᠤ ᠵᠠᠷᠤᠳᠠᠯ          1. ᠮᠥᠭᠦ ᠶᠢᠨ ᠮᠠᠲ᠋ᠧᠷᠢᠶᠠᠯ ᠢ ᠰᠣᠯᠢᠨ᠎ᠠ᠄ ᠡᠷᠦᠭᠡ ᠪᠦᠷᠢ ᠵᠢᠯ ᠳᠤ ᠨᠢᠭᠡ ᠤᠳᠠᠭ᠎ᠠ᠂ ᠤᠳᠠᠭ᠎ᠠ ᠪᠦᠷᠢ 100 ᠲᠥᠭᠦᠷᠢᠭ          2. ᠰᠡᠯᠪᠢᠨ ᠵᠠᠰᠠᠬᠤ᠄ ᠡᠷᠦᠭᠡ ᠪᠦᠷᠢ ᠳᠤ ᠵᠢᠯ ᠪᠦᠷᠢ 200 ᠲᠥᠭᠦᠷᠢᠭ          3. ᠴᠠᠭᠢᠯᠭᠠᠨ ᠤ ᠰᠦᠢᠳᠬᠡᠯ᠄ ᠡᠷᠦᠭᠡ ᠪᠦᠷᠢ ᠵᠢᠯ ᠳᠤ 300 ᠲᠥᠭᠦᠷᠢᠭ  ᠪᠤᠢ ᠪᠦᠬᠦᠢ ᠤᠰᠤᠨ ᠵᠣᠷᠯᠣᠩ ᠢ ᠡᠷᠦᠭᠡ ᠪᠦᠷᠢ ᠳᠤ ᠵᠢᠯ ᠪᠦᠷᠢ 600 ᠲᠥᠭᠦᠷᠢᠭ ᠤᠨ ᠬᠠᠮᠠᠭᠠᠯᠠᠬᠤ ᠰᠦᠢᠳᠬᠡᠯ ᠣᠯᠭᠤᠨ᠎ᠠ᠃         ᠬᠤᠶᠠᠷ᠂ ᠬᠠᠭᠤᠷᠠᠢ ᠵᠣᠷᠯᠣᠩ          ᠪᠦᠭᠦ ᠵᠢᠯ ᠤᠨ ᠬᠠᠮᠠᠭᠠᠯᠠᠬᠤ ᠵᠠᠷᠤᠳᠠᠯ          1. ᠰᠠᠭᠤᠷᠢ ᠡᠳ᠋ ︵ᠲᠤᠲᠤᠷᠭ᠎ᠠ ᠶᠢᠨ ᠬᠠᠯᠢᠰᠤ︶ ᠶᠢᠨ ᠲᠥᠷᠥᠯ ᠪᠦᠷᠢ ᠶᠢᠨ ᠨᠢᠭᠡ ᠡᠷᠦᠭᠡ ᠳᠤ ᠨᠢᠭᠡ ᠤᠭᠤᠲᠠ 200 ᠲᠥᠭᠦᠷᠢᠭ          2. ᠴᠡᠪᠡᠷᠯᠡᠬᠦ᠄ ᠮᠢᠺᠷᠣᠪ ᠤᠨ ᠡᠷᠦᠭᠡ ᠶᠢᠨ ᠵᠣᠷᠯᠣᠩ ᠢ ᠵᠥᠪᠭᠡᠨ 3 ︱ 4 ᠬᠥᠮᠥᠨ ᠳᠤ ᠬᠠᠩᠭᠠᠵᠤ ᠳᠡᠶᠢᠯᠦᠨ᠎ᠡ᠂ ᠵᠠᠷᠢᠮ ᠬᠥᠮᠥᠨ ᠤ ᠬᠡᠷᠡᠭᠯᠡᠵᠦ ᠪᠠᠶᠢᠭ᠎ᠠ ᠬᠥᠮᠥᠨ ᠤ ᠲᠤᠭ᠎ᠠ ᠨᠢ ᠨᠡᠯᠢᠶᠡᠳ ᠣᠯᠠᠨ ︵7 ︱ 10 ᠬᠥᠮᠥᠨ︶ ᠪᠠᠶᠢᠨ᠎ᠠ᠂ ᠮᠢᠺᠷᠣᠪ ᠢ ᠴᠠᠴᠠᠭᠠᠵᠤ ᠦᠬᠦᠭᠦᠯᠦᠭᠰᠡᠨ ᠪᠠᠶᠢᠨ᠎ᠠ᠂ ᠪᠠᠺᠲ᠋ᠧᠷᠢ ᠪᠠ ᠲᠤᠲᠤᠷᠭ᠎ᠠ ᠶᠢᠨ ᠬᠠᠯᠢᠰᠤ ᠶᠢ ᠳᠠᠭᠢᠨ ᠲᠠᠯᠪᠢᠬᠤ ᠴᠢᠬᠤᠯᠠᠲᠠᠢ᠂ ᠨᠢᠭᠡ ᠡᠷᠦᠭᠡ ᠳᠤ ᠤᠳᠠᠭ᠎ᠠ ᠪᠦᠷᠢ 600 ᠲᠥᠭᠦᠷᠢᠭ          3. ᠪᠠᠭ᠎ᠠ ᠰᠠᠭ᠎ᠠ ᠡᠪᠡᠳᠴᠢᠨ᠄ ᠵᠣᠷᠯᠣᠩ ᠤᠨ ᠤᠰᠤ ᠰᠡᠷᠭᠡᠶᠢᠯᠡᠬᠦ᠂ ᠡᠷᠭᠢ ᠱᠤᠷᠠᠭ ᠰᠤᠯᠠᠷᠠᠬᠤ᠂ ᠨᠠᠷᠠᠨ ᠤ ᠡᠨᠧᠷᠭᠢ ᠶᠢᠨ ᠳ᠋ᠧᠩ ᠢ ᠰᠡᠯᠪᠢᠨ ᠵᠠᠰᠠᠬᠤ᠂ ᠵᠣᠷᠯᠣᠩ ᠤᠨ ᠡᠭᠦᠳᠡ ᠪᠠᠷᠢᠭᠤᠯ ᠭᠠᠷ ᠰᠠᠷᠪᠠᠶᠢᠬᠤ᠂ ᠠᠶᠢᠯ ᠡᠷᠦᠭᠡ ᠶᠢ ᠵᠢᠯ ᠪᠦᠷᠢ 100 ᠲᠥᠭᠦᠷᠢᠭ ᠢᠶᠠᠷ ᠠᠵᠢᠯᠯᠠᠭᠤᠯᠬᠤ          4. ᠤᠳᠠᠭᠠᠰᠢᠷᠠᠭᠤᠯᠬᠤ ᠮᠠᠰᠢᠨ ᠢ ᠰᠡᠯᠪᠢᠨ ᠵᠠᠰᠠᠵᠤ ᠰᠣᠯᠢᠬᠤ ᠄ ᠵᠠᠷᠢᠮ ᠲᠠᠷᠢᠶᠠᠴᠢᠨ ᠴᠠᠭᠢᠯᠭᠠᠨ ᠲᠤᠰᠬᠤ ᠦᠭᠡᠢ᠂ ᠡᠩ ᠤᠨ ᠦᠶ᠎ᠡ ᠳᠤ ᠬᠡᠷᠡᠭᠯᠡᠬᠦ ᠦᠭᠡᠢ᠂ ᠰᠢᠨᠡᠯᠡᠬᠦ ᠦᠶ᠎ᠡ ᠳᠤ ᠭᠡᠷ ᠤᠨ ᠬᠥᠮᠥᠰ ᠨᠢ ᠬᠠᠷᠢᠵᠤ ᠢᠷᠡᠭᠡᠳ ᠳᠠᠭᠢᠵᠤ ᠵᠠᠷᠤᠵᠤ᠂ ᠬᠤᠷᠳᠤᠴᠠ ᠬᠠᠰᠤᠬᠤ ᠮᠠᠰᠢᠨ ᠢ ᠨᠢ ᠬᠥᠯᠳᠡᠭᠡᠵᠦ᠂ ᠨᠢᠭᠡ ᠬᠤᠷᠳᠤᠴᠠ ᠬᠠᠰᠤᠬᠤ ᠮᠠᠰᠢᠨ ᠢ 1500 ᠲᠥᠭᠦᠷᠢᠭ ᠰᠡᠯᠪᠢᠨ ᠵᠠᠰᠠᠵᠤ ᠰᠣᠯᠢᠬᠤ ᠬᠡᠷᠡᠭᠲᠡᠢ   ᠃        ᠪᠣᠳᠠᠲᠠᠢ ᠬᠠᠮᠠᠭᠠᠯᠠᠬᠤ ᠵᠠᠷᠤᠳᠠᠯ ᠢ ᠬᠠᠮᠢᠶᠠᠷᠴᠤ ᠬᠠᠮᠠᠭᠠᠯᠠᠬᠤ ᠨᠢᠭᠡᠴᠡ ᠠᠴᠠ ᠦᠨᠡᠨᠬᠦ ᠳᠠᠩᠰᠠᠨ ᠠᠴᠠ ᠲᠠᠶᠢᠯᠬᠤ ᠬᠡᠷᠡᠭᠲᠡᠢ᠃    
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号