ᠤᠷᠢᠳᠴᠢᠯᠠᠨ ᠪᠡᠯᠡᠳᠬᠡᠵᠦ᠂ ︽ᠲᠣᠭᠯᠠᠬᠤ︾᠎ ᠪᠠᠷ ᠪᠣᠯᠪᠠᠰᠤᠷᠠᠯ ᠢ ᠠᠬᠢᠭᠤᠯᠤᠶ᠎ᠠ︕ ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠰᠡᠳᠬᠢᠴᠡ ᠶᠢᠨ ᠬᠢᠮᠤᠷᠠᠯ ᠪᠠ ᠲᠦᠭᠰᠢᠭᠦᠷᠢ ᠶᠢ ᠠᠷᠭᠠᠴᠠᠬᠤ ᠠᠯᠪᠠᠨ ᠭᠡᠷ ᠤᠨ ᠳᠡᠯᠭᠡᠷᠡᠭᠦᠯᠦᠯ ᠢ ᠥᠷᠨᠢᠭᠦᠯᠪᠡ
ᠨᠡᠶᠢᠲᠡᠯᠡᠭᠰᠡᠨ ᠴᠠᠭ᠄
2023/11/7
        ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠵᠢᠳᠬᠦᠯ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠎ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠪᠠᠶᠢᠬᠤ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ 
 1699342095039058109.jpg
        11 ᠰᠠᠷ᠎ᠠ ᠶᠢᠨ 2᠎ ᠤ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠰᠡᠳᠬᠢᠯ ᠰᠠᠨᠠᠭᠠᠨ ᠤ ᠬᠢᠮᠤᠷᠠᠯ ᠳᠤ ᠭᠠᠷ ᠲᠥᠷᠥᠵᠦ ᠪᠠᠴᠢᠮ ᠪᠠᠶᠢᠳᠠᠯ ᠢ ᠠᠷᠭᠠᠴᠠᠬᠤ ᠰᠢᠷᠡᠭᠡᠨ ᠳᠡᠭᠡᠷ᠎ᠡ ᠲᠣᠬᠯᠠᠯᠲᠠ ᠭᠠᠷᠭᠠᠪᠠ᠃ ᠰᠢᠭᠤᠶᠢᠲᠤ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠬᠠᠮᠢᠶᠠᠷᠤᠯᠲᠠ ᠶᠢᠨ ᠬᠡᠰᠡᠭ ᠤᠨ ᠠᠷᠠᠳ ᠤᠨ ᠴᠠᠭᠳᠠᠭ᠎ᠠ᠂ ᠴᠠᠭᠠᠨᠭᠤᠣᠯ ᠲᠣᠰᠬᠤᠨ ᠤ ᠵᠥᠪᠯᠡᠯ ᠤᠨ ᠬᠠᠷᠢᠭᠤᠴᠠᠯᠭᠠᠲᠠᠨ ᠵᠢᠴᠢ ᠡᠷᠡᠭᠦᠯ ᠬᠠᠮᠠᠭᠠᠯᠠᠯ ᠤᠨ ᠬᠤᠷᠢᠶᠠᠨ ᠤ ᠨᠠᠷᠢᠯᠢᠭ ᠰᠡᠷᠭᠡᠶᠢᠯᠡᠭᠴᠢ ᠡᠮᠴᠢ ᠵᠡᠷᠭᠡ 9 ᠬᠥᠮᠥᠨ ᠰᠣᠷᠢᠯᠲᠠ ᠳᠤ ᠣᠷᠣᠯᠴᠠᠪᠠ᠃
1699342103882043751.jpg
        ᠰᠢᠷᠡᠭᠡ ᠲᠣᠭᠯᠠᠭᠴᠢ ᠲᠤᠬᠠᠢ ᠶᠢᠨ ᠲᠠᠯᠠᠪᠠᠢ ᠳᠤ᠂ ᠡᠯ᠎ᠡ ᠪᠠᠶᠢᠭᠤᠯᠤᠯᠭ᠎ᠠ ᠨᠢ ᠪᠠᠶᠢᠳᠠᠯ ᠢ ᠭᠥᠯᠢᠶᠡᠨ ᠠᠪᠴᠤ ᠮᠡᠳᠡᠭᠦᠯᠬᠦ᠂ ᠰᠤᠷᠠᠭ ᠵᠠᠩᠭᠢ ᠶᠢ ᠬᠢᠨᠠᠨ ᠬᠠᠷᠭᠤᠭᠤᠯᠬᠤ᠂ ᠰᠤᠷᠠᠭ ᠵᠠᠩᠭᠢ ᠶᠢ ᠬᠠᠷᠢᠯᠴᠠᠨ ᠨᠡᠪᠲᠡᠷᠡᠭᠦᠯᠬᠦ᠂ ᠠᠶᠤᠯ ᠲᠦᠭᠰᠢᠭᠦᠷᠢᠲᠦ ᠴᠢᠨᠠᠷ ᠢ ᠦᠨᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠷᠭ᠎ᠠ ᠬᠡᠮᠵᠢᠶ᠎ᠡ ᠵᠡᠷᠭᠡ ᠬᠢᠮᠤᠷᠠᠯ ᠳᠤ ᠭᠠᠷ ᠲᠥᠷᠥᠭᠦ ᠡᠯ᠎ᠡ ᠲᠥᠷᠥᠯ ᠤᠨ ᠶᠠᠪᠤᠴᠠ ᠶᠢ ᠨᠢᠭᠡᠳ ᠨᠢᠭᠡ ᠪᠠᠷ ᠰᠣᠷᠢᠯᠲᠠ ᠬᠢᠵᠡᠢ᠃ ᠲᠤᠰ ᠤᠳᠠᠭᠠᠨ ᠤ ᠰᠣᠷᠢᠯᠲᠠ ᠨᠢ ᠡᠯ᠎ᠡ ᠪᠠᠶᠢᠭᠤᠯᠤᠯᠭ᠎ᠠ ᠨᠢᠭᠡᠴᠡ ᠶᠢᠨ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠬᠠᠮᠢᠶᠠᠷᠤᠯᠲᠠ ᠶᠢᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠶᠢ ᠲᠣᠳᠣᠷᠬᠠᠶᠢᠯᠠᠵᠤ᠂ ᠡᠯ᠎ᠡ ᠪᠠᠶᠢᠭᠤᠯᠤᠯᠭ᠎ᠠ ᠨᠢᠭᠡᠴᠡ ᠶᠢᠨ ᠬᠤᠭᠤᠷᠣᠨᠳᠣᠭᠢ ᠪᠦᠲᠦᠮᠵᠢᠲᠡᠢ ᠬᠠᠮᠵᠢᠯᠴᠠᠭ᠎ᠠ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠶᠢᠰᠢᠳᠠ ᠡᠶᠢᠮᠦᠷᠬᠦ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭ ᠲᠤ ᠡᠷᠬᠢᠮ ᠨᠠᠨᠳᠢᠨ ᠲᠤᠷᠰᠢᠯᠭ᠎ᠠ ᠳ᠋ᠦᠩᠨᠡᠬᠦ ᠪᠣᠯᠣᠨ᠎ᠠ᠃   
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号