ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠡᠷᠬᠡ | ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ ᠶᠤᠮ᠃ ︽2023 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ | ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ | ﹇2023﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠯᠦᠭᠡ ᠬᠠᠮᠲᠤᠷᠠᠨ ︽2023 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ | ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2023﹈ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ | ᠮᠡᠲᠦ ᠲᠠᠶᠢᠯᠤᠮᠵᠢ ᠬᠢᠪᠡ᠄ | ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ | ᠶᠠᠭᠤ ᠪᠤᠢ︖ | ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠠᠵᠤ ᠠᠬᠤᠢ ᠨᠡᠶᠢᠭᠡᠮ ᠤᠨ | ᠬᠥᠭᠵᠢᠯᠲᠡ ᠪᠠ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ | ᠨᠢᠭᠡᠳᠦᠯᠲᠡᠢ ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ | ᠬᠠᠮᠠᠭᠠᠯᠠᠨ᠎ᠠ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ᠳᠠᠬᠢ | ︽2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ | 1020 ᠲᠥᠭᠦᠷᠢᠭ ᠪᠣᠯᠭᠠᠵᠤ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ | ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠲᠤ ᠬᠦᠷᠭᠡᠬᠦ︾ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ︾ ᠭᠡᠵᠦ ᠲᠣᠪᠴᠢᠯᠠᠨ᠎ᠠ︶ | ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 1020 ᠲᠥᠭᠦᠷᠢᠭ ᠠᠴᠠ ᠳᠣᠣᠷ᠎ᠠ | ᠪᠠᠶᠢᠯᠭᠠᠬᠤ ᠦᠭᠡᠢ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 | ᠲᠥᠭᠦᠷᠢᠭ ᠨᠡᠮᠡᠭᠳᠡᠭᠦᠯᠵᠦ᠂ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ | ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠠᠴᠠ ᠳᠣᠣᠷ᠎ᠠ | ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠡᠭᠦᠨ ᠤ ᠬᠠᠮᠲᠤ᠂ ᠲᠤᠬᠠᠢ ᠶᠢᠨ ᠭᠠᠵᠠᠷ ᠤᠨ ᠪᠣᠳᠠᠲᠤ | ᠪᠠᠶᠢᠳᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ | ᠪᠣᠳᠠᠲᠠᠢ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠥᠳᠡᠯᠦᠩᠭᠦᠢ ᠪᠠᠷ ᠲᠣᠬᠢᠷᠠᠭᠤᠯᠬᠤ | ᠬᠡᠷᠡᠭᠲᠡᠢ ᠭᠡᠵᠦ ᠱᠠᠭᠠᠷᠳᠠᠪᠠ᠃ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠳᠦᠷᠢᠮ ᠢ ᠵᠢᠷᠤᠮᠵᠢᠭᠤᠨ ᠪᠥᠭᠡᠳ ᠨᠢᠭᠡᠳᠦᠯᠲᠡᠢ ᠪᠠᠶᠢᠯᠭᠠᠬᠤ᠂ ᠬᠠᠷᠠᠭᠠᠯᠵᠠᠯ ᠤᠨ ᠪᠠᠲᠤᠯᠠᠭ᠎ᠠ ᠶᠢ | ᠲᠡᠩᠴᠡᠭᠦᠯᠬᠦ ᠶᠢ ᠪᠠᠷᠢᠮᠲᠠᠯᠠᠨ᠂ ᠭᠤᠥᠯᠴᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ | ᠭᠤᠣᠯᠳᠠᠭᠤ ᠭᠤᠷᠪᠠᠨ ᠲᠠᠯ᠎ᠠ ᠪᠠᠭᠲᠠᠨ᠎ᠠ᠂ ᠨᠢᠭᠡ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ | ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠰᠠᠭᠤᠷᠢ ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ ᠪᠠᠶᠢᠯᠭᠠᠬᠤ ᠶᠢ ᠦᠨᠡᠨ ᠬᠦ | ᠪᠠᠲᠤᠯᠠᠨ᠎ᠠ᠃ ᠬᠤᠶᠠᠷ ᠲᠤ᠂ ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ ᠲᠦᠪᠰᠢᠨ ᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ | ᠲᠠᠯ᠎ᠠ ᠪᠠᠷ ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ ᠡᠭᠦᠳᠡᠨ | ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ | ᠲᠡᠶᠢᠰᠢ ᠦᠷᠭᠦᠯᠵᠢᠯᠡᠨ ᠬᠡᠯᠪᠡᠶᠢᠯᠭᠡᠵᠦ ᠪᠣᠯᠣᠨ᠎ᠠ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂ ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ᠃ ᠤᠯᠤᠰ ᠤᠨ | ᠪᠠᠶᠢᠷᠢᠯᠠᠭᠤᠯᠤᠯᠲᠠ ᠶᠣᠰᠣᠭᠠᠷ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢᠨ ᠬᠠᠮᠤᠷᠬᠤ | ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠳᠤ ᠬᠦᠷᠲᠡᠯ᠎ᠡ | ᠥᠷᠭᠡᠳᠬᠡᠨ᠎ᠡ᠃ ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ | ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ | ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ ᠡᠭᠦᠨ ᠠᠴᠠ | ᠭᠠᠳᠠᠨ᠎ᠠ᠂ ︽ᠮᠡᠳᠡᠭᠳᠡᠯ︾ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ | ᠱᠠᠲᠤᠨ ᠤ ᠨᠢᠭᠡᠳᠦᠯᠲᠡᠢ ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ᠃ | ᠬᠤᠶᠠᠷ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ | ᠡᠮᠴᠢᠯᠡᠭᠡᠨ ᠤ ᠪᠠᠲᠤᠯᠠᠭ᠎ᠠ ᠶᠢ ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ | ᠪᠣᠶ︖ | ︽ᠮᠡᠳᠡᠭᠳᠡᠯ︾ ᠳᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠥᠬᠦ | ᠠᠷᠠᠳ ᠢᠶᠠᠷ ᠢᠶᠠᠨ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ | ᠲᠤᠬᠠᠢ ᠰᠠᠨᠠᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2022﹈ 24 ᠳ᠋ᠦ᠋ᠭᠡᠷ ᠲᠣᠭᠠᠲᠤ︶ ᠤᠨ ᠵᠣᠷᠢᠭ | ᠰᠠᠨᠠᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂ ᠠᠶᠢᠮᠠᠭ ᠬᠤᠲᠠ᠂ ᠬᠤᠰᠢᠭᠤ | ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠳᠥᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ ᠪᠠᠶᠢᠭᠠᠳ ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ | ᠪᠠᠶᠢᠭᠤᠯᠵᠤ᠂ ᠡᠭᠦᠷᠭᠡ ᠶᠢᠨ ᠬᠠᠷᠠᠯᠲᠠ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠠᠵᠢᠯ ᠤᠨ ᠠᠷᠭ᠎ᠠ | ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠠᠵᠢᠯ ᠤᠨ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠪᠠᠷ ᠱᠠᠭᠠᠷᠳᠠᠪᠠ᠃ ᠨᠢᠭᠡ ᠳᠤ᠂ ᠰᠠᠯᠠᠭ᠎ᠠ | ᠮᠥᠴᠢᠷ ᠤᠳ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠰᠠᠭᠤᠷᠢ ᠲᠤᠭ᠎ᠠ ᠶᠢ ᠣᠨᠣᠪᠴᠢᠲᠠᠢ | ᠡᠵᠡᠮᠰᠢᠨ᠎ᠡ᠃ ᠬᠤᠶᠠᠷ ᠲᠤ᠂ ᠭᠤᠣᠯᠳᠠᠯᠭ᠎ᠠ ᠲᠠᠢ ᠬᠥᠮᠥᠰ ᠢ ᠠᠩᠬᠠᠷᠴᠤ᠂ ᠬᠡᠪᠴᠢᠶ᠎ᠡ ᠶᠢ ᠣᠨᠣᠪᠴᠢᠲᠠᠢ ᠥᠷᠭᠡᠳᠬᠡᠨ᠎ᠡ᠃ | ᠭᠤᠷᠪᠠ ᠳᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ | ᠰᠠᠭᠤᠭᠠᠯᠢ ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠳᠥᠷᠪᠡ ᠳᠤ᠂ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠰᠢᠨ᠎ᠡ ᠠᠷᠭ᠎ᠠ ᠶᠢ ᠡᠭᠦᠳᠴᠦ᠂ ᠠᠷᠠᠳ ᠤᠨ ᠣᠯᠠᠨ ᠠᠷᠭ᠎ᠠ ᠪᠠᠷ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ | ᠲᠠᠪᠤ ᠳᠤ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ ᠣᠨ ᠤ | ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ᠎ᠡ᠃ | ᠭᠤᠷᠪᠠ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠪᠤᠢ︖ | ︽ᠦᠨᠳᠦᠰᠦᠨ ᠡᠮᠴᠢᠯᠡᠭᠡ ᠪᠠᠲᠤᠯᠠᠭ᠎ᠠ ᠲᠠᠢ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠰᠢᠯᠵᠢᠯᠲᠡ ᠶᠢᠨ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ | ᠯᠠᠪᠳᠠᠭᠤᠨ ᠢᠶᠠᠷ ᠪᠡᠶᠡᠯᠡᠭᠦᠯᠵᠦ᠂ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ | ᠴᠢᠩᠭᠠᠷᠠᠭᠤᠯᠤᠨ᠂ ᠡᠪᠡᠳᠴᠢᠨ ᠠᠴᠠ ᠪᠣᠯᠤᠭᠰᠠᠨ ᠶᠡᠭᠡ ᠬᠡᠪᠴᠢᠶᠡᠨ ᠤ ᠳᠠᠬᠢᠨ ᠶᠠᠳᠠᠭᠤᠷᠠᠯ ᠡᠭᠦᠰᠬᠦ ᠦᠭᠡᠢ ᠶᠢᠨ | ᠬᠢᠵᠠᠭᠠᠷ ᠢ ᠰᠠᠶᠢᠲᠤᠷ ᠰᠠᠬᠢᠨ᠎ᠠ᠃ ︽ᠮᠡᠳᠡᠭᠳᠡᠯ︾ ᠳᠤ ᠭᠤᠷᠪᠠᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠡᠮᠴᠢᠯᠡᠭᠡᠨ ᠤ | ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠰᠠᠯᠠᠬᠤ ᠴᠢᠳᠠᠪᠤᠷᠢ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ | ᠬᠡᠷᠡᠭᠴᠡᠭᠡ ᠳᠤ ᠰᠠᠭᠤᠷᠢᠯᠠᠨ᠂ ᠳᠠᠭᠠᠳᠬᠠᠯ ᠳᠤ ᠣᠷᠣᠯᠴᠠᠬᠤ ᠶᠢ ᠲᠥᠷᠥᠯ ᠬᠤᠪᠢᠶᠠᠨ ᠳᠡᠮᠵᠢᠬᠦ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠦᠨ᠎ᠡ᠃ ᠬᠤᠶᠠᠷ ᠲᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠪᠠ | ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠢ ᠬᠢᠨᠠᠵᠤ | ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠢᠨᠠᠵᠤ ᠰᠡᠷᠡᠮᠵᠢᠯᠡᠭᠦᠯᠬᠦ ᠶᠢᠨ | ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢᠶᠠᠷ ᠬᠦᠴᠢᠷᠳᠡᠯᠲᠡᠢ ᠬᠦᠨᠳᠦ | ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ ᠵᠢᠯᠤᠭᠤᠳᠴᠤ᠂ ᠣᠯᠠᠨ ᠡᠰᠢᠵᠢᠭᠰᠡᠨ ᠠᠪᠤᠷᠠᠨ ᠲᠤᠰᠠᠯᠠᠬᠤ | ᠵᠠᠭᠪᠤᠷ ᠪᠦᠲᠦᠭᠡᠬᠦ ᠶᠢ ᠠᠬᠢᠭᠤᠯᠤᠨ᠎ᠠ᠃ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ | ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ | ᠲᠣᠬᠢᠷᠠᠭᠤᠯᠤᠯᠲᠠ ᠪᠠᠶᠢᠬᠤ ᠪᠣᠶ︖ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠪᠣᠳᠠᠲᠠᠢ | ᠱᠠᠭᠠᠷᠳᠠᠯᠭ᠎ᠠ ᠳᠤᠷᠠᠳᠪᠠ᠂ ᠨᠢᠭᠡ ᠳᠤ᠂ 2022 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ ᠵᠦᠢᠯ ᠤᠨ ︽ᠬᠤᠣᠰ | ᠵᠠᠮ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ | ᠵᠣᠷ ᠤᠨ ᠲᠥᠪ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠦᠨᠳᠦᠰᠦᠲᠡᠨ ᠤ ᠡᠮ᠂ | ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠭ᠎ᠠ ᠪᠠ ᠬᠢᠲᠠᠳ ᠬᠡᠷᠴᠢᠮᠡᠯ ᠡᠮ ᠤᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ | ᠲᠣᠬᠢᠷᠠᠭᠤᠯᠤᠨ᠎ᠠ᠃ ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ | ᠡᠮᠴᠢᠯᠡᠭᠡᠨ ᠤ ᠦᠢᠯᠡᠴᠢᠯᠡᠭᠡᠨ ᠤ ᠲᠥᠰᠥᠯ ᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠥᠯᠥᠬᠦ | ᠬᠡᠪᠴᠢᠶᠡᠨ ᠳᠤ ᠣᠷᠣᠭᠤᠯᠤᠨ᠎ᠠ᠃ ᠳᠥᠷᠪᠡ ᠳᠤ᠂ ᠲᠣᠭᠠᠴᠠᠭ᠎ᠠ ᠬᠢᠬᠦ ᠠᠷᠭ᠎ᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ 2023 ᠣᠨ ᠳᠤ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ | ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠤᠨ᠎ᠠ᠃ ᠲᠠᠪᠤ ᠳᠤ᠂ ᠡᠮᠴᠢᠯᠡᠭᠡᠨ ᠤ | ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠨᠢᠭᠡᠳᠦᠯᠲᠡᠢ ᠲᠥᠯᠥᠪᠯᠡᠨ᠎ᠡ᠃ ᠡᠮ ᠡᠮᠨᠡᠯᠭᠡ ᠶᠢᠨ | ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ᠳᠥᠷᠪᠡᠨ ᠪᠣᠳᠠᠲᠠᠢ | ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠯᠤᠰ ᠠᠴᠠ | ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠤᠭᠰᠠᠨ ᠳ᠋ᠦᠩ ᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠡᠮ ᠡᠮᠨᠡᠯᠭᠡ ᠶᠢᠨ | ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠡᠮ ᠤᠨ ᠵᠦᠢᠯ ᠤᠨ | ᠬᠤᠷᠣᠭᠳᠠᠯ ᠮᠠᠲ᠋ᠧᠷᠢᠶᠠᠯ ᠤᠨ ︽ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ︾ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠭᠤᠷᠪᠠ ᠳᠤ᠂ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠪᠠ ᠰᠦᠯᠵᠢᠶᠡᠨ ᠠᠴᠠ | ᠪᠠᠭᠤᠯᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠳᠥᠷᠪᠡ ᠳᠤ᠂ ᠡᠮ ᠡᠮᠨᠡᠯᠭᠡ ᠶᠢᠨ ᠦᠨ᠎ᠡ ᠪᠣᠯᠣᠨ | ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠶᠢᠨ ᠦᠨᠡᠯᠡᠯᠲᠡ ᠶᠢ ᠰᠠᠶᠢᠲᠤᠷ ᠬᠢᠨ᠎ᠡ᠃ | ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ | ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖ | ︽ᠮᠡᠳᠡᠭᠳᠡᠯ︾ ᠳᠤ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ | ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ | ᠪᠣᠳᠠᠲᠠᠶᠢᠵᠢᠭᠤᠯᠵᠤ᠂ ᠭᠡᠨᠡᠳᠲᠡ ᠪᠠᠷ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ᠂ ᠳᠠᠭᠠᠳᠬᠠᠯ ᠢ | ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠦᠨ᠎ᠡ᠃ ᠭᠤᠷᠪᠠ ᠳᠤ᠂ | ᠬᠢᠨᠠᠨ ᠬᠠᠮᠢᠶᠠᠷᠬᠤ ᠡᠩᠨᠡᠭᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ | ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ | ᠲᠥᠰᠥᠪ ᠤᠨ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ | ᠳᠡᠭᠡᠭᠰᠢᠯᠡᠭᠦᠯᠬᠦ ᠪᠣᠶ︖ | ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ | ᠱᠠᠭᠠᠷᠳᠠᠪᠠ᠂ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ | ᠲᠣᠭᠲᠠᠯᠴᠠᠭ᠎ᠠ ᠶᠢ ᠪᠦᠷᠢᠨᠰᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠠᠬᠢᠭᠤᠯᠵᠤ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠲᠣᠳᠣᠷᠬᠠᠢ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠶᠠᠷ ᠲᠤ᠂ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ | ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠰᠠᠶᠢᠲᠤᠷ ᠳᠠᠶᠢᠴᠢᠯᠠᠵᠤ᠂ ᠣᠯᠠᠨ | ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨ | ᠳᠠᠭᠠᠳᠬᠠᠯ ᠳᠤ ᠣᠷᠣᠯᠴᠠᠭᠰᠠᠨ ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠨᠢᠭᠡ ᠪᠦᠯᠦᠭ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ | ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠨᠡᠯᠭᠡ ᠳᠤ ᠰᠠᠭᠤᠬᠤ | ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ 5 | ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ | ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ ᠠᠬᠢᠭᠤᠯᠤᠨ᠎ᠠ᠃ ᠳᠥᠷᠪᠡ ᠳᠤ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ᠂ ᠭᠠᠷᠲᠠᠨ | ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠮᠴᠢᠯᠡᠭᠡᠨ ᠤ | ᠳᠠᠭᠠᠳᠬᠠᠯ ᠤᠨ ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ | ︽ᠮᠡᠳᠡᠭᠳᠡᠯ︾ ᠳᠤ ᠪᠠᠰᠠ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ | ᠲᠠᠪᠴᠠᠩ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ | ᠳᠠᠭᠠᠳᠬᠠᠯ ᠤᠨ ᠳ᠋ᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ | ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠳᠤ ᠬᠦᠴᠦᠨ | ᠨᠡᠮᠡᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ | ᠳᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂ | ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠨ᠂ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢᠶᠠᠷ ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ ᠬᠦᠷᠲᠡᠭᠡᠬᠦ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |