ᠵᠧᠵᠢᠶᠠᠩ ᠤᠨ ᠢᠦᠢ ᠼᠦᠨ  ᠲᠣᠰᠬᠤᠨ᠄ ᠳᠡᠯᠡᠬᠡᠢ ᠳᠤ ᠳᠤᠮᠳᠠᠳᠤ ᠤᠯᠤᠰ ᠤᠨ ᠵᠤᠭᠠᠴᠠᠯ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠤᠭᠰᠠᠨ ᠦᠯᠢᠭᠡᠷ ᠢ ᠶᠠᠷᠢᠵᠤ ᠥᠭᠭᠦᠶ᠎ᠡ
ᠨᠡᠶᠢᠲᠡᠯᠡᠭᠰᠡᠨ ᠴᠠᠭ᠄
2023/11/8
        10 ᠰᠠᠷ᠎ᠠ ᠶᠢᠨ 29 ᠤ ᠡᠳᠦᠷ᠂ ᠳᠡᠯᠡᠬᠡᠢ ᠶᠢᠨ ᠬᠠᠮᠤᠭ ᠤᠨ ᠰᠢᠯᠢᠳᠡᠭ ᠵᠢᠭᠤᠯᠴᠢᠯᠠᠯ ᠤᠨ ᠬᠥᠳᠡᠭᠡ ᠲᠣᠰᠬᠤᠨ ᠤ ᠬᠤᠯᠪᠣᠭ᠎ᠠ ᠪᠠᠶᠢᠭᠤᠯᠤᠭᠳᠠᠭᠰᠠᠨ ᠵᠢᠴᠢ ᠵᠧᠵᠢᠶᠠᠩ ᠮᠤᠵᠢ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ︽ᠲᠠᠪᠤ ᠶᠢ ᠡᠭᠦᠳᠬᠦ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠧᠵᠢᠶᠠᠩ ᠮᠤᠵᠢ ᠶᠢᠨ ᠬᠤᠵᠧᠤ ᠬᠤᠲᠠ ᠶᠢᠨ ᠠᠨ ᠵᠢᠢ ᠰᠢᠶᠠᠨ ᠳᠤ ᠶᠠᠪᠤᠭᠳᠠᠪᠠ᠃ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠶᠠᠷᠢᠯᠴᠠᠭ᠎ᠠ  ᠶᠢᠨ ᠲᠣᠭᠤᠷᠢᠭ ᠰᠢᠷᠡᠭᠡᠨ ᠤ ᠰᠣᠯᠢᠯᠴᠠᠭᠠᠨ ᠤ ᠭᠤᠭᠴᠤᠭ᠎ᠠ ᠳᠤ᠂ ᠠᠨ ᠵᠢᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠢᠶᠠᠨ ᠬᠤᠸᠠᠩ ᠫᠢᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠾᠧ ᠮᠢᠶᠣᠣ ᠳᠡᠯᠡᠬᠡᠢ ᠶᠢᠨ ︽ᠬᠠᠮᠤᠭ ᠤᠨ ᠰᠢᠯᠢᠳᠡᠭ ᠵᠤᠭᠠᠴᠠᠯ ᠤᠨ ᠬᠥᠳᠡᠭᠡ ᠲᠣᠰᠬᠤᠨ︾ ᠤ ᠢᠦᠢ ᠲᠣᠰᠬᠤᠨ ᠢᠶᠠᠷ ᠵᠢᠱᠢᠶ᠎ᠡ ᠪᠣᠯᠭᠠᠵᠤ᠂ ᠠᠨ ᠵᠢᠢ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠵᠤᠭᠠᠴᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠦᠯᠢᠭᠡᠷ ᠲᠤᠷᠰᠢᠯᠭ᠎ᠠ ᠪᠠᠨ ᠰᠠᠶᠢᠲᠤᠷ ᠬᠤᠪᠢᠶᠠᠯᠴᠠᠪᠠ᠃
20231030f33e0d07c02b4fe09f04b5c72cc063c9_202310306fe14f26d5a64d538819b9fc4c87ef9a.jpg        
        ᠢᠦᠢ  ᠼᠦᠨ ᠲᠣᠰᠬᠤᠨ ᠪᠣᠯ ᠲᠡᠭᠷᠢ ᠲᠤᠯᠤᠮ᠎ᠠ ᠠᠭᠤᠯᠠᠨ ᠳᠤ ᠪᠠᠶᠢᠷᠢᠯᠠᠵᠤ ᠪᠤᠢ ᠳᠤᠮᠳᠠᠳᠤ ᠤᠯᠤᠰ ᠤᠨ ᠶᠡᠭᠡ ᠬᠤᠯᠤᠰᠤ ᠨᠣᠮᠢᠨ ᠳᠣᠯᠭᠢᠶᠠᠨ ᠲᠠᠲᠠᠭᠰᠠᠨ ᠭᠠᠵᠠᠷ᠂ ᠠᠭᠤᠯᠠ ᠤᠰᠤ᠂ ᠣᠢ ᠰᠢᠭᠤᠢ᠂ ᠲᠠᠷᠢᠶ᠎ᠠ᠂ ᠨᠠᠭᠤᠷ ᠪᠦᠷᠢᠳᠦ᠂ ᠡᠪᠡᠰᠦ ᠵᠡᠷᠭᠡ ᠪᠠᠶᠢᠭᠠᠯᠢ ᠶᠢᠨ ᠡᠬᠢ ᠪᠠᠶᠠᠯᠢᠭ ᠢᠶᠠᠷ ᠪᠦᠷᠢᠯᠳᠦᠭᠰᠡᠨ ᠬᠥᠳᠡᠭᠡ ᠲᠣᠰᠬᠤᠨ ᠪᠣᠯᠣᠨ᠎ᠠ᠂ ᠶᠣᠰᠣᠲᠠᠢ ᠨᠡᠷ᠎ᠡ ᠨᠢᠳᠡᠷ ᠲᠡᠭᠡᠨ ᠨᠡᠶᠢᠴᠡᠭᠰᠡᠨ ᠴᠡᠪᠡᠷ ᠠᠷᠢᠭᠤᠨ᠂ ᠤᠰᠤ ᠴᠡᠪᠡᠷ᠂ ᠬᠥᠷᠥᠰᠥ ᠰᠢᠷᠣᠢ ᠴᠡᠪᠡᠷ ᠠᠷᠢᠭᠤᠨ ᠪᠠᠶᠢᠬᠤ ᠵᠡᠷᠭᠡ ᠭᠠᠵᠠᠷ ᠪᠣᠯᠣᠨ᠎ᠠ᠂ ᠪᠠᠰᠠᠴᠤ ︽ᠢᠷᠠᠭᠤ ᠨᠠᠶᠢᠷᠠᠭ ᠢᠶᠠᠷ ᠵᠢᠶᠠᠩ ᠨᠠᠨ ᠭᠠᠵᠠᠷ ᠢ ᠵᠢᠷᠤᠵᠤ᠂ ᠠᠮᠢᠵᠢᠷᠠᠯ ᠤᠨ ᠬᠦᠴᠦᠨ ᠲᠠᠢ ᠵᠧᠵᠢᠶᠠᠩ︾ ᠤ ᠨᠡᠶᠢᠲᠡᠯᠢᠭ ᠲᠥᠯᠥᠭᠡᠯᠡᠭᠴᠢ ᠪᠣᠯᠣᠨ᠎ᠠ᠃ 2005 ᠣᠨ ᠤ 8 ᠰᠠᠷ᠎ᠠ ᠳᠤ᠂ ᠵᠧᠵᠢᠶᠠᠩ ᠮᠤᠵᠢ ᠶᠢᠨ ᠨᠠᠮ ᠤᠨ ᠬᠤᠷᠢᠶᠠᠨ ᠤ ᠱᠦᠵᠢ ᠰᠢ ᠶᠢᠨ ᠫᠢᠩ ᠢᠦᠢ  ᠼᠦᠨ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠦ᠂ ︽ᠴᠡᠩᠭᠡᠭ ᠤᠰᠤ ᠴᠡᠯᠡᠭᠡᠷ ᠠᠭᠤᠯᠠ ᠪᠣᠯ ᠠᠯᠲᠠ ᠮᠥᠩᠭᠦᠨ ᠠᠭᠤᠯᠠ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠤᠨ ᠭᠠᠷᠭᠠᠵᠠᠢ᠃ 
20231030f33e0d07c02b4fe09f04b5c72cc063c9_202310300a4bc1912af84e34a5e907325da013b5.jpg        
        2021 ᠣᠨ ᠳᠤ᠂ ᠢᠦᠢ ᠼᠦᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ ᠵᠤᠭᠠᠴᠠᠯ ᠤᠨ ᠵᠣᠬᠢᠶᠠᠨ ᠪᠠᠶᠢᠭᠤᠯᠤᠯᠲᠠ ᠶᠢᠨ ᠰᠢᠯᠭᠠᠷᠠᠭᠤᠯᠤᠭᠰᠠᠨ ᠠᠩᠬᠠᠳᠠᠭᠴᠢ ᠪᠦᠯᠦᠭ ︽ᠬᠠᠮᠤᠭ ᠤᠨ ᠰᠢᠯᠢᠳᠡᠭ ᠵᠤᠭᠠᠴᠠᠯ ᠤᠨ ᠬᠥᠳᠡᠭᠡ ᠲᠣᠰᠬᠤᠨ︾ ᠢᠶᠠᠷ ᠠᠮᠵᠢᠯᠲᠠ ᠲᠠᠢ ᠰᠣᠩᠭᠤᠭᠳᠠᠪᠠ᠃ ᠡᠨᠡ ᠵᠢᠯ᠂ ᠲᠤᠬᠠᠢ ᠶᠢᠨ ᠭᠠᠵᠠᠷ ᠤᠨ  ᠬᠢᠨ ︽ᠥᠨᠳᠥᠷ ᠡᠨᠧᠷᠭᠢ ᠶᠢᠨ ᠲᠠᠰ᠂ ᠣᠳᠣᠬᠢᠴᠢᠯᠠᠯᠲᠠ᠂ ᠣᠯᠠᠨ ᠤᠯᠤᠰ ᠤᠨ ᠹᠠᠨ ᠳ᠋ᠠ ᠢᠦᠢ ᠲᠣᠰᠬᠤᠨ ᠢ ᠬᠦᠴᠦᠯᠡᠨ ᠪᠠᠶᠢᠭᠤᠯᠬᠤ︾ ᠰᠢᠨ᠎ᠡ ᠬᠠᠷᠠᠯᠲᠠ᠂ ᠰᠢᠨ᠎ᠡ ᠪᠠᠶᠢᠷᠢ ᠲᠣᠭᠲᠠᠭᠠᠯᠲᠠ ᠶᠢ ᠳᠤᠷᠠᠳᠴᠤ᠂ 4.86 ᠲᠡᠭᠰᠢ ᠳᠥᠷᠪᠡᠯᠵᠢᠨ ᠺᠢᠯᠣᠮᠧᠲᠷ ᠤᠨ ᠬᠥᠭᠵᠢᠯᠲᠡ ᠶᠢᠨ ᠣᠷᠣᠨ ᠵᠠᠢ ᠶᠢ 245 ᠲᠡᠭᠰᠢ ᠳᠥᠷᠪᠡᠯᠵᠢᠨ ᠺᠢᠯᠣᠮᠧᠲᠷ ᠬᠦᠷᠲᠡᠯ᠎ᠡ ᠥᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠠᠭᠤᠰᠤᠯᠴᠠᠬᠤ ᠶᠢ ᠠᠬᠢᠭᠤᠯᠪᠠ᠃ ᠾᠧ ᠮᠢᠶᠣᠣ ᠲᠠᠨᠢᠯᠴᠠᠭᠤᠯᠬᠤ ᠳᠠᠭᠠᠨ᠂ ᠡᠨᠡ ᠵᠢᠯ ᠤᠨ 1 ᠰᠠᠷ᠎ᠠ ᠠᠴᠠ 9 ᠰᠠᠷ᠎ᠠ ᠪᠣᠯᠲᠠᠯ᠎ᠠ᠂ ᠳ᠋ᠠ ᠢᠦᠢ ᠲᠣᠰᠬᠤᠨ ᠨᠡᠶᠢᠳᠡ 610 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 24.2 % ᠢᠶᠠᠷ ᠨᠡᠮᠡᠭᠳᠡᠪᠡ︔ ᠵᠤᠭᠠᠴᠠᠯ ᠤᠨ ᠶᠡᠷᠦᠩᠬᠡᠢ ᠣᠷᠣᠯᠭ᠎ᠠ 88.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.7 % ᠪᠠᠷ ᠨᠡᠮᠡᠭᠳᠡᠪᠡ᠃        ᠬᠤᠷᠠᠯ ᠳᠡᠭᠡᠷ᠎ᠡ᠂ ᠾᠧ ᠮᠢᠶᠣᠣ ᠪᠠᠰᠠ ᠢᠦᠢ ᠼᠦᠨ ᠲᠣᠰᠬᠤᠨ ᠤ ᠬᠥᠭᠵᠢᠯᠲᠡ ᠶᠢᠨ ᠬᠠᠨᠳᠤᠰᠢ ᠪᠠ ᠰᠢᠨ᠎ᠡ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠣᠨᠢᠰᠤᠯᠠᠭᠰᠠᠨ ᠲᠤᠷᠰᠢᠯᠭ᠎ᠠ ᠪᠠᠨ ᠬᠤᠪᠢᠶᠠᠯᠴᠠᠪᠠ᠃ ᠵᠢᠱᠢᠶᠡᠯᠡᠪᠡᠯ᠂ ︽ᠢᠦᠢ ᠼᠦᠨ ᠪᠦᠬᠦ ᠪᠥᠮᠪᠥᠷᠴᠡᠭ ᠤᠨ ᠬᠤᠷᠰᠢᠭᠴᠢ ᠶᠢᠨ ᠲᠥᠯᠥᠪᠯᠡᠭᠡ︾ ᠪᠠᠷ ᠳᠠᠮᠵᠢᠭᠤᠯᠤᠨ 40 ᠭᠠᠷᠤᠢ ᠲᠦᠷᠦᠯ ᠵᠦᠢᠯ ᠢ ᠨᠠᠶᠢᠳᠠᠪᠤᠷᠢᠵᠢᠭᠤᠯᠵᠤ᠂ 800 ᠭᠠᠷᠤᠢ ᠵᠠᠯᠠᠭᠤ ᠴᠢᠳᠠᠪᠤᠷᠢᠲᠠᠨ ᠢ ᠲᠠᠲᠠᠪᠠ᠃
20231030f33e0d07c02b4fe09f04b5c72cc063c9_20231030b206d9cec7a64ba686d858a0f3e3d9ce.jpg        
        ᠮᠠᠨ ᠤ ᠤᠯᠤᠰ ᠤᠨ ᠠᠩᠬᠠᠳᠠᠭᠴᠢ ᠪᠦᠯᠦᠭ ᠳᠡᠯᠡᠬᠡᠢ ᠶᠢᠨ︽ᠬᠠᠮᠤᠭ ᠰᠠᠶᠢᠨ ᠵᠢᠭᠤᠯᠴᠢᠯᠠᠯ ᠤᠨ ᠬᠥᠳᠡᠭᠡ ᠲᠣᠰᠭᠤᠨ︾ ᠤ ᠢᠦᠢ ᠼᠦᠨ ᠨᠡᠷᠡᠲᠦ ᠲᠡᠮᠳᠡᠭ ᠦᠨ ᠳᠡᠯᠡᠬᠡᠢ ᠴᠢᠯᠡᠯᠲᠡ ᠨᠢ ᠴᠦ ᠡᠮᠦᠨ᠎ᠡ ᠡᠩᠨᠡᠭᠡᠨ ᠳᠤ ᠣᠷᠣᠵᠠᠢ᠃ ᠪᠠᠶᠢᠳᠠᠯ ᠢ ᠠᠰᠢᠭᠯᠠᠨ ᠤᠯᠠᠨ ᠤᠯᠤᠰ ᠤᠨ ᠰᠣᠶᠣᠯ ᠤᠷᠠᠯᠢᠭ ᠤᠨ ᠲᠦᠷᠦᠯ ᠲᠡᠮᠳᠡᠭ ᠢ ᠣᠷᠣᠭᠤᠯᠬᠤ᠂ ᠤᠯᠠᠨ ᠤᠯᠤᠰ ᠤᠨ ᠦᠵᠡᠭᠦᠯᠦᠯᠭᠡ ᠶᠢᠨ ᠠᠵᠢᠯᠯᠠᠭ᠎ᠠ ᠶᠢ ᠣᠷᠣᠭᠤᠯᠤᠨ ᠠᠪᠴᠢᠷᠠᠬᠤ᠂ Facebook ᠳᠡᠭᠡᠷ᠎ᠡ ︽Discover YUCUN︾ ᠳᠠᠩᠰᠠᠨ ᠨᠣᠮᠧᠷ ᠠᠴᠠ ᠭᠠᠳᠠᠨ᠎ᠠ᠂ ᠢᠦᠢ ᠼᠦᠨ ᠲᠣᠰᠬᠤᠨ ᠪᠠᠰᠠ ᠪᠦᠬᠦ ᠪᠥᠮᠪᠥᠷᠴᠡᠭ ᠤᠨ ᠲᠠᠨᠢᠯᠴᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠠᠯᠭᠠᠭ᠎ᠠ ᠪᠠᠷ ᠨᠢᠭᠡ ᠪᠦᠯᠦᠭ ᠲᠣᠮᠣ ᠬᠡᠯᠪᠡᠷᠢ ᠶᠢᠨ ᠤᠯᠠᠨ ᠤᠯᠤᠰ ᠤᠨ ᠴᠢᠨᠠᠷᠲᠠᠢ ᠬᠤᠷᠠᠯ ᠤᠨ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠵᠦ᠂ ᠤᠯᠠᠨ ᠤᠯᠤᠰ ᠤᠨ ᠬᠤᠯᠤᠰᠤ ᠪᠠᠷᠢᠯᠭ᠎ᠠ ᠶᠢᠨ ᠤᠷᠤᠯᠳᠤᠭᠠᠨ᠂ ECI ᠤᠯᠠᠨ ᠤᠯᠤᠰ ᠤᠨ ᠪᠣᠬᠢᠷᠲᠤᠯ ᠦᠭᠡᠢ ᠬᠥᠭᠵᠢᠯᠲᠡ ︵ᠳᠤᠮᠳᠠᠳᠤ ᠤᠯᠤᠰ · ᠢᠦᠢ ᠲᠣᠰᠬᠤᠨ︶ ᠶᠢᠨ ᠰᠢᠨ᠎ᠡ ᠶᠢ ᠡᠭᠦᠳᠬᠦ ᠶᠠᠷᠢᠶᠠᠨ ᠤ ᠲᠠᠪᠴᠠᠩ ᠵᠡᠷᠭᠡ ᠲᠠᠪᠴᠠᠩ ᠳᠤ ᠲᠦᠰᠢᠭᠯᠡᠨ᠂ ᠤᠯᠠᠨ ᠲᠠᠯ᠎ᠠ ᠠᠴᠠ ᠢᠦᠢ ᠼᠦᠨ ᠲᠣᠰᠬᠤᠨ ᠤ ᠤᠯᠠᠨ ᠤᠯᠤᠰ ᠤᠨ ᠨᠡᠷ᠎ᠡ ᠠᠯᠳᠠᠷ ᠪᠠ ᠨᠥᠯᠥᠭᠡ ᠶᠢ ᠳᠡᠭᠡᠭᠰᠢᠯᠡᠭᠦᠯᠪᠡ᠃      ᠲᠣᠭᠤᠷᠢᠭ ᠰᠢᠷᠡᠭᠡᠨ ᠤ ᠶᠠᠷᠢᠯᠴᠠᠭᠠᠨ ᠤ ᠭᠤᠭᠴᠤᠭ᠎ᠠ ᠶᠢ ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠤᠨ ᠨᠡᠭᠡᠭᠡᠯᠲᠡ ᠶᠢᠨ ᠵᠤᠷᠭᠠᠨ ᠤ ᠬᠥᠳᠡᠭᠡ ᠲᠣᠰᠬᠤᠨ ᠤ ᠵᠢᠭᠤᠯᠴᠢᠯᠠᠯ ᠪᠠ ᠪᠦᠲᠦᠭᠡᠯᠴᠢ ᠪᠤᠳᠣᠯ ᠤᠨ ᠦᠢᠯᠡᠳᠬᠦᠨ ᠤ ᠵᠢᠯᠤᠭᠤᠳᠬᠤ ᠭᠠᠵᠠᠷ ᠤᠨ ᠳᠠᠷᠤᠭ᠎ᠠ ᠵᠠᠩ ᠰᠢᠶᠣᠣ ᠯᠢ ᠡᠷᠭᠢᠯᠡᠪᠡ᠃ ᠵᠧᠵᠢᠶᠠᠩ ᠮᠤᠵᠢ ᠶᠢᠨ ᠠᠨᠵᠢᠢ ᠠᠴᠠ ᠭᠠᠳᠠᠨ᠎ᠠ᠂ ᠵᠧᠵᠢᠶᠠᠩ ᠮᠤᠵᠢ ᠶᠢᠨ ᠰᠣᠶᠣᠯ ᠪᠠ ᠵᠤᠭᠠᠴᠠᠯ ᠤᠨ ᠲᠢᠩᠬᠢᠮ᠂ ᠭᠠᠨᠠᠨᠵᠧᠦ ᠶᠢᠨ ᠳ᠋ᠡᠶᠢᠪᠦ᠋ ᠰᠢᠶᠠᠨ ᠤ ᠰᠣᠶᠣᠯ ᠲᠠᠮᠢᠷ ᠷᠠᠳᠢᠣ ᠲᠧᠯᠸᠢᠰ ᠪᠠ ᠵᠤᠭᠠᠴᠠᠯ ᠤᠨ ᠲᠣᠪᠴᠢᠶ᠎ᠠ᠂ ᠠᠨᠾᠦ᠋ᠢ ᠮᠤᠵᠢ ᠶᠢᠨ ᠢ ᠰᠢᠶᠠᠨ ᠤ ᠱᠢ ᠲᠢ ᠲᠣᠰᠬᠤᠨ᠂ ᠭᠤᠸᠠᠩᠰᠢ ᠶᠢᠨ ᠯᠦᠩ ᠱᠧᠩ ᠰᠢᠶᠠᠨ ᠤ ᠳ᠋ᠠᠵᠠᠶ ᠲᠣᠰᠬᠤᠨ ᠤ ᠬᠤᠯᠪᠣᠭᠳᠠᠯ ᠪᠦᠬᠦᠢ ᠵᠣᠴᠢᠳ ᠪᠠᠰᠠ ᠳᠡᠯᠡᠬᠡᠢ ᠶᠢᠨ ︽ᠬᠠᠮᠤᠭ ᠰᠠᠶᠢᠨ ᠵᠤᠭᠠᠴᠠᠯ ᠤᠨ ᠬᠥᠳᠡᠭᠡ ᠲᠣᠰᠬᠤᠨ︾ ᠢ ᠴᠣᠭᠴᠠᠯᠠᠨ ᠪᠠᠶᠢᠭᠤᠯᠤᠭᠰᠠᠨ ᠲᠤᠷᠰᠢᠯᠭ᠎ᠠ ᠪᠠᠨ ᠰᠣᠯᠢᠯᠴᠠᠵᠤ᠂ ᠪᠡᠭᠡᠵᠢᠩ ᠤᠨ ᠬᠤᠶᠠᠳᠤᠭᠠᠷ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ ᠸᠠᠩ ᠤᠨ ᠸᠧᠢ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠬᠠᠢ ᠬᠠᠮᠤᠭ ᠰᠢᠨ᠎ᠡ ᠰᠤᠳᠤᠯᠭᠠᠨ ᠪᠠ ᠪᠣᠳᠣᠯᠬᠢᠯᠠᠯ ᠢᠶᠠᠨ ᠬᠤᠪᠢᠶᠠᠨ ᠡᠳ᠋ᠯᠡᠪᠡ᠃ 
20231030f33e0d07c02b4fe09f04b5c72cc063c9_202310307dd12c8e2c8541be89ea627fc6d1bbc5.jpg
        ᠳᠡᠯᠡᠬᠡᠢ ᠶᠢᠨ ᠬᠠᠮᠤᠭ ᠤᠨ ᠰᠠᠶᠢᠨ ᠵᠢᠭᠤᠯᠴᠢᠯᠠᠯ ᠤᠨ ᠰᠢᠶᠠᠩ ᠲᠣᠰᠬᠤᠨ ᠤ ᠬᠤᠯᠪᠤᠭ᠎ᠠ ᠪᠠᠶᠢᠭᠤᠯᠤᠭᠳᠠᠭᠰᠠᠨ ᠵᠢᠴᠢ ᠵᠧᠵᠢᠶᠠᠩ ᠮᠤᠵᠢ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ︽ᠲᠠᠪᠤ ᠶᠢ ᠡᠭᠦᠳᠬᠦ︾ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠢ ᠵᠧᠵᠢᠶᠠᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠤ᠋ ᠵᠧᠦ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤ᠋ ᠵᠧᠦ ᠬᠤᠲᠠ ᠶᠢᠨ ᠰᠣᠶᠣᠯ ᠷᠠᠳᠢᠣ ᠲᠧᠯᠸᠢᠰ ᠤᠨ ᠵᠢᠭᠤᠯᠴᠢᠯᠠᠯ ᠤᠨ ᠲᠣᠪᠴᠢᠶ᠎ᠠ᠂ ᠠᠨ ᠵᠢᠢ ᠰᠢᠶᠠᠩ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃ ᠡᠭᠢᠯᠡᠯᠲᠡ ᠶᠢᠨ ᠶᠣᠰᠣᠯᠠᠯ ᠳᠤ᠂ ᠳᠡᠯᠡᠬᠡᠢ ᠶᠢᠨ ᠬᠠᠮᠤᠭ ᠰᠠᠶᠢᠨ ᠵᠤᠭᠠᠴᠠᠯ ᠤᠨ ᠬᠥᠳᠡᠭᠡ ᠲᠣᠰᠬᠤᠨ ᠤ ᠬᠤᠯᠪᠤᠭ᠎ᠠ ᠪᠠᠶᠢᠭᠤᠯᠬᠤ ᠪᠡᠯᠡᠳᠬᠡᠯ ᠬᠤᠷᠠᠯ᠂ ᠣᠳᠣᠨ ᠮᠡᠴᠢᠳ ︽ᠰᠢᠶᠠᠩ︾  ᠤᠨ ᠶᠠᠷᠢᠯᠴᠠᠭ᠎ᠠ - ᠵᠠᠭᠤᠨ ᠲᠣᠰᠬᠤᠨ ᠤ ᠡᠭᠦᠷ ᠤᠨ ᠱᠦᠵᠢ ᠢᠦᠢ ᠼᠦᠨ ᠣᠷᠣᠢ ᠶᠢᠨ ᠶᠠᠷᠢᠯᠴᠠᠭ᠎ᠠ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠶᠠᠷᠢᠯᠴᠠᠭ᠎ᠠ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠥᠪᠯᠡᠷᠡᠭᠰᠡᠨ ᠣᠷᠣᠨ ᠤ ᠪᠠᠶᠢᠭᠤᠯᠤᠯᠲᠠ ᠶᠢᠨ ᠠᠵᠢᠯ ᠤᠨ ᠵᠦᠭᠯᠡᠭᠦᠷ ᠨᠤᠲᠠᠯᠠᠬᠤ ᠬᠤᠷᠠᠯ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠵᠡᠷᠭᠡ ᠰᠢᠷᠢᠰ ᠠᠵᠢᠯᠯᠠᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ᠂ ᠳᠡᠯᠡᠬᠡᠢ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ᠂ ᠵᠧᠵᠢᠶᠠᠩ ᠤᠨ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠵᠣᠴᠢᠳ ᠪᠠ ᠰᠣᠶᠣᠯ ᠵᠢᠭᠤᠯᠴᠢᠯᠠᠯ ᠤᠨ ᠲᠤᠰᠬᠠᠢ ᠮᠡᠷᠭᠡᠵᠢᠯᠲᠡᠨ ᠵᠡᠷᠭᠡ 300 ᠰᠢᠬᠠᠮ ᠬᠥᠮᠥᠨ ᠬᠤᠷᠠᠯ ᠳᠤ ᠣᠷᠣᠯᠴᠠᠵᠠᠢ᠃ ︵ᠰᠤᠷᠪᠤᠯᠵᠢᠯᠠᠬᠴᠢ ᠵᠠᠩ ᠰᠢᠶᠣᠣ ᠢᠦᠢ   ︶
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号