ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠄ 2023 ᠣᠨ ᠤ ᠶᠡᠷᠦᠩᠬᠡᠢ ᠱᠦᠵᠢ ᠰᠢ ᠎ ᠶᠢᠨ ᠫᠢᠩ  ᠤᠨ ᠠᠶᠤᠯᠭᠦᠢ ᠦᠢᠯᠡᠳᠪᠦᠷᠢᠯᠡᠯ  ᠤᠨ ᠲᠤᠬᠠᠢ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ
ᠨᠡᠶᠢᠲᠡᠯᠡᠭᠰᠡᠨ ᠴᠠᠭ᠄
2023/12/1
        11 ᠰᠠᠷ᠎ᠠ ᠶᠢᠨ 29᠎ ᠤ ᠡᠳᠦᠷ᠂ ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠤᠨ ᠲᠤᠰᠬᠠᠢ ᠰᠡᠳᠦᠪᠲᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠳᠡᠭᠡᠷ᠎ᠡ᠂ ᠬᠦᠷᠢᠶᠡᠯᠡᠩ ᠤᠨ ᠤᠳᠤᠷᠢᠳᠤᠯᠭ᠎ᠠ ᠭᠤᠣᠯᠳᠠᠭᠤ ︽2023 ᠣᠨ ᠤ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠣᠬᠤᠯᠠᠪᠤᠷᠢ ᠵᠢᠭᠠᠪᠤᠷᠢ︾᠎ ᠶᠢᠨ ᠨᠠᠢᠮᠠᠨ ᠬᠡᠷᠡᠭ ᠤᠨ ᠵᠢᠱᠢᠶ᠎ᠡ ᠶᠢ ᠭᠦᠨᠵᠡᠭᠡᠢ ᠰᠤᠷᠤᠯᠴᠠᠵᠤ᠂ ᠪᠥᠬᠦ ᠬᠤᠷᠢᠶᠠᠨ ᠤ ᠠᠵᠢᠯᠲᠠᠨ ᠠᠵᠢᠯᠴᠢᠨ ᠢ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠱᠠᠭᠠᠷᠳᠠᠵᠤ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢ ᠴᠢᠬᠤᠯᠠᠴᠢᠯᠠᠪᠠ᠄
1701397196223024590.jpg
        ᠨᠢᠭᠡ ᠳᠤ ᠠᠶᠤᠯᠭᠦᠢ ᠦᠢᠯᠡᠳᠪᠦᠷᠢᠯᠡᠯ ᠤᠨ ᠠᠳᠡᠯ ᠳᠤ ᠴᠢᠭᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠠᠪᠤᠷᠠᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠨ᠂ ᠡᠭᠦᠰᠦᠮᠡᠯ ᠭᠠᠮᠰᠢᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠭᠯᠡᠭᠦᠯᠪᠡ᠃ ᠦᠶᠡᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠪᠣᠯᠣᠨ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠴᠤᠬᠤᠶᠢᠯᠲᠠ ᠶᠢᠨ ᠭᠡᠮ ᠰᠣᠭᠤᠭ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠪᠠᠶᠢᠴᠠᠭᠠᠬᠤ ᠬᠡᠷᠡᠭᠲᠡᠢ᠃ ᠭᠤᠷᠪᠠ ᠳᠤ ᠬᠥᠮᠥᠨ ᠪᠦᠬᠦᠨ ᠡᠮᠨᠡᠯᠭᠡ ᠶᠢᠨ ᠬᠤᠷᠢᠶᠠᠨ ᠤ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ᠱᠠᠨ ᠰᠢ ᠶᠢᠨ ᠯᠢᠦᠢ ᠯᠢᠶᠠᠩ ᠬᠤᠲᠠ ᠶᠢᠨ ᠶᠦᠩ ᠵᠢᠦᠢ ᠨᠡᠭᠦᠷᠡᠰᠦᠨ ᠠᠭᠤᠷᠬᠠᠢ ᠶᠢᠨ ᠠᠯᠪᠠᠨ ᠠᠰᠠᠷ ᠲᠤ ᠭᠠᠯ ᠤᠨ ᠭᠠᠮᠰᠢᠭ ᠤᠨ ᠠᠳᠡᠯ ᠭᠠᠷᠤᠭᠰᠠᠨ ᠠᠴᠠ ᠭᠦᠨᠵᠡᠭᠡᠢ ᠰᠤᠷᠭᠠᠮᠵᠢ ᠠᠪᠴᠤ᠂ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠷᠠᠭᠤᠯᠤᠨ᠂ ᠡᠪᠦᠯ ᠤᠨ ᠤᠯᠠᠷᠢᠯ ᠤᠨ ᠭᠠᠯ ᠤᠨ ᠭᠠᠮᠰᠢᠭ ᠤᠨ ᠠᠳᠡᠯ ᠠᠮᠠᠷᠬᠠᠨ ᠡᠭᠦᠰᠴᠦ ᠣᠯᠠᠨ ᠡᠭᠦᠰᠳᠡᠭ ᠵᠡᠷᠭᠡ ᠪᠠᠶᠢᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃        ᠡᠴᠦᠰ ᠲᠤ᠂ ᠪᠦᠬᠦ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠦᠬᠦ ᠬᠤᠷᠢᠶᠠᠨ ᠤ ᠠᠵᠢᠯᠲᠠᠨ ᠠᠵᠢᠯᠴᠢᠨ ᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠤᠬᠠᠮᠰᠠᠷ ᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠵᠤ᠂ ᠡᠪᠡᠳᠴᠢᠲᠡᠨ ᠪᠠ ᠪᠦᠬᠦ ᠬᠤᠷᠢᠶᠠᠨ ᠤ ᠠᠵᠢᠯᠲᠠᠨ ᠠᠵᠢᠯᠴᠢᠨ ᠤ ᠠᠮᠢ ᠨᠠᠰᠤ ᠡᠷᠡᠭᠦᠯ ᠮᠡᠨᠳᠦ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号