ᠦᠨᠳᠦᠰᠦᠨ ᠱᠠᠲᠤᠨ ᠳᠤ ᠭᠦᠨᠵᠡᠭᠡᠶᠢᠷᠡᠵᠦ ᠠᠷᠠᠳ ᠤᠨ ᠰᠠᠨᠠᠭ᠎ᠠ ᠶᠢ ᠰᠣᠨᠣᠰᠴᠤ ᠠᠷᠠᠳ ᠤᠨ ᠰᠡᠳᠬᠢᠯ ᠢ ᠳᠤᠯᠠᠭᠠᠴᠠᠭ ᠣᠯᠣᠶ᠎ᠠ -  ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠱᠠᠪᠬᠠᠢ ᠭᠠᠴᠠᠭᠠᠨ ᠳᠤ ᠭᠤᠣᠯ ᠰᠡᠳᠦᠪᠲᠦ ᠬᠥᠮᠦᠵᠢᠯ  ᠤᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ
ᠨᠡᠶᠢᠲᠡᠯᠡᠭᠰᠡᠨ ᠴᠠᠭ᠄
2023/12/13
        ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠳᠤᠮᠳᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠬᠦᠰᠡᠯ ᠱᠠᠭᠠᠷᠳᠠᠯᠭ᠎ᠠ ᠶᠢ ᠰᠣᠨᠣᠰᠴᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠠᠰᠠᠭᠤᠳᠠᠯ ᠢ ᠴᠢᠬᠤᠯᠠ ᠠᠵᠢᠯ ᠤᠨ ᠠᠭᠤᠯᠭ᠎ᠠ ᠪᠣᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠪᠠ᠃
1702460387086041061.jpg
        ᠦᠨᠳᠦᠰᠦᠨ ᠱᠠᠲᠤᠨ ᠳᠤ ᠭᠦᠨᠵᠡᠭᠡᠶᠢᠷᠡᠵᠦ ᠠᠰᠠᠭᠤᠳᠠᠯ ᠢ ᠡᠷᠢᠬᠦ        ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠰᠢᠭᠤᠶᠢᠲᠤ  ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠰᠠᠨᠠᠭᠠᠴᠢᠯᠠᠭ᠎ᠠ ᠠᠴᠠ ᠪᠠᠨ ᠯᠠᠪᠳᠠᠭᠤᠨ ᠪᠠᠲᠤᠲᠠᠢ ᠠᠵᠢᠯᠯᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠶᠡᠭᠡ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠠᠷᠠᠳ ᠤᠨ ᠪᠠᠶᠢᠳᠠᠯ ᠢ ᠣᠶᠢᠯᠠᠭᠠᠵᠤ᠂ ᠪᠣᠳᠠᠲᠤ ᠪᠠᠶᠢᠳᠠᠯ ᠢ ᠡᠵᠡᠮᠰᠢᠵᠦ᠂ ᠬᠦᠴᠢᠷ ᠠᠰᠠᠭᠤᠳᠠᠯ ᠢ ᠰᠢᠢᠳᠪᠦᠷᠢᠯᠡᠪᠡ᠃ 11 ᠰᠠᠷ᠎ᠠ ᠶᠢᠨ ᠰᠡᠭᠦᠯᠴᠢ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠰᠠᠨᠠᠭᠠᠴᠢᠯᠠᠭ᠎ᠠ ᠠᠴᠠ ᠪᠠᠨ ᠱᠣᠤ ᠪᠦ᠋ ᠬᠠᠢ ᠭᠠᠴᠠᠭ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠭᠠᠴᠠᠭ᠎ᠠ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠡᠨᠡ ᠬᠤᠭᠤᠴᠠᠭᠠᠨ ᠳᠤ ᠲᠣᠰᠬᠤᠨ ᠤ ᠱᠦᠵᠢ ︽ᠵᠢᠯ ᠤᠨ ᠪᠣᠭᠤᠮᠲᠠ ᠨᠢ ᠣᠶᠢᠷᠠᠯᠴᠠᠭ᠎ᠠ᠂ ᠱᠣᠤ ᠪᠦ ᠬᠠᠢ ᠭᠠᠴᠠᠭᠠᠨ ᠤ ᠦᠬᠡᠷ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠦᠶ᠎ᠡ ᠪᠣᠯᠵᠠᠢ᠂ ᠭᠡᠪᠡᠴᠦ ᠭᠠᠴᠠᠭ᠎ᠠ ᠲᠣᠰᠬᠤᠨ ᠤ ᠭᠠᠵᠠᠷ ᠵᠦᠢ ᠶᠢᠨ ᠣᠷᠣᠨ ᠪᠠᠶᠢᠷᠢ ᠪᠠ ᠠᠵᠢᠯᠲᠠᠨ ᠤ ᠬᠢᠷᠢ ᠲᠦᠪᠰᠢᠨ ᠤ ᠬᠢᠵᠠᠭᠠᠷᠯᠠᠯ ᠳᠤ ᠬᠢᠵᠠᠭᠠᠷᠯᠠᠭᠳᠠᠵᠤ᠂ ᠰᠠᠶᠢᠨ ᠦᠬᠡᠷ ᠬᠤᠨᠢᠨ ᠤ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢᠨ ᠬᠠᠶᠢᠷᠴᠠᠭ ᠢ ᠵᠢᠷᠤᠵᠤ ᠲᠥᠯᠥᠪᠯᠡᠨ ᠭᠠᠷᠭᠠᠵᠤ ᠳᠡᠶᠢᠯᠬᠦ ᠦᠭᠡᠢ᠂ ᠨᠡᠷ᠎ᠡ ᠠᠯᠳᠠᠷᠰᠢᠯ ᠲᠠᠢ ᠦᠭᠡᠢ︾ ᠭᠡᠵᠦ ᠲᠤᠰᠬᠠᠪᠠ᠃ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠲᠡᠷᠡ ᠳᠠᠷᠤᠢ ᠳᠤᠨᠢ ᠢᠯᠡᠷᠬᠡᠶᠢᠯᠡᠬᠦ ᠳᠡᠭᠡᠨ᠂ ᠮᠠᠨ ᠤ ᠠᠵᠢᠯ ᠤᠨ ᠵᠣᠷᠢᠯᠲᠠ ᠪᠣᠯ ᠳᠠᠷᠤᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠠᠪᠤᠳᠠᠯ ᠮᠥᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠣᠯ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠵᠠᠩᠭᠢᠯᠠᠭ᠎ᠠ ᠶᠢᠨ ᠴᠡᠭ ᠪᠠ ᠬᠦᠴᠦᠯᠡᠬᠦ ᠴᠡᠭ ᠮᠥᠨ᠂ ᠡᠨᠡ ᠬᠦ ᠠᠵᠢᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠬᠤᠭᠤᠴᠠᠭᠠᠨ ᠳᠤ ᠱᠣᠤ ᠪᠦ᠋ ᠬᠠᠢ ᠭᠠᠴᠠᠭ᠎ᠠ ᠲᠣᠰᠬᠤᠨ ᠳᠤ ᠰᠢᠢᠳᠪᠦᠷᠢᠯᠡᠬᠦ ᠪᠣᠯᠣᠨ᠎ᠠ᠃
        ︽ᠭᠡᠷ ᠲᠤᠨᠢ ᠬᠦᠷᠭᠡᠵᠦ︾ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ          ᠱᠠᠪᠬᠠᠢ ᠭᠠᠴᠠᠭ᠎ᠠ ᠶᠢᠨ ᠠᠰᠠᠭᠤᠳᠠᠯ ᠤᠨ ᠯᠤᠭᠰᠢᠯᠲᠠ ᠶᠢ ᠣᠨᠣᠪᠴᠢᠲᠠᠶ ᠣᠯᠣᠭᠰᠠᠨ ᠤ ᠳᠠᠷᠠᠭ᠎ᠠ᠂ ᠰᠢᠭᠤᠶᠢᠲᠤ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠲᠡᠷᠡ ᠳᠠᠷᠤᠢ ᠳᠤᠨᠢ ᠲᠤᠰᠬᠠᠢ ᠬᠥᠮᠥᠨ ᠲᠣᠬᠢᠷᠠᠭᠤᠯᠤᠨ ᠲᠣᠰᠬᠤᠨ ᠤ ᠠᠷᠠᠳ ᠤᠨ ᠵᠥᠪᠯᠡᠯ ᠲᠠᠢ ᠵᠣᠯᠭᠠᠭᠤᠯᠵᠤ᠂ ᠦᠬᠡᠷ ᠬᠤᠨᠢᠨ ᠤ ᠦᠨᠳᠦᠰᠦᠨ ᠮᠡᠳᠡᠭᠡ ᠵᠠᠩᠭᠢ ᠪᠠ ᠣᠨᠴᠠᠯᠢᠭ ᠢ ᠴᠤᠭᠯᠠᠭᠤᠯᠵᠤ᠂ ᠪᠦᠲᠦᠭᠡᠭᠳᠡᠬᠦᠨ ᠤ ᠣᠨᠴᠠᠯᠢᠭ ᠪᠠ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ 1000 ᠬᠤᠪᠢ ᠪᠣᠭᠤᠳᠠᠯᠯᠠᠬᠤ ᠬᠠᠶᠢᠷᠴᠠᠭ ᠬᠢᠭᠰᠡᠨ ᠪᠥᠭᠡᠳ 12 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠦᠬᠡᠷ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠪᠡᠶ᠎ᠡ ᠪᠠᠷ ᠢᠶᠠᠨ ᠬᠦᠷᠭᠡᠪᠡ᠃  ᠱᠠᠪᠬᠠᠢ ᠭᠠᠴᠠᠭ᠎ᠠ ᠲᠣᠰᠬᠤᠨ ᠤ ᠱᠦᠵᠢ ᠪᠣᠭᠤᠳᠠᠯᠯᠠᠬᠤ ᠬᠠᠶᠢᠷᠴᠠᠭ ᠢ ᠣᠯᠣᠭᠰᠠᠨ ᠤ ᠳᠠᠷᠠᠭ᠎ᠠ ᠲᠠᠯᠠᠷᠬᠠᠵᠤ ᠪᠠᠶᠢᠬᠤ ᠪᠠᠨ ᠢᠯᠡᠳᠬᠡᠪᠡ᠄ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠨ ᠪᠡᠶᠡᠯᠡᠭᠦᠯᠬᠦ ᠶᠢ ᠦᠨᠡᠨᠬᠦ ᠪᠡᠶᠡᠯᠡᠭᠦᠯᠵᠦ᠂ ᠲᠣᠰᠬᠤᠨ ᠤ ᠣᠳᠣᠬᠢ ᠱᠠᠲᠤᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ  ᠱᠠᠪᠬᠠᠢ ᠭᠠᠴᠠᠭ᠎ᠠ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
        ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠢᠯᠡᠷᠬᠡᠶᠢᠯᠡᠬᠦ ᠳᠡᠭᠡᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠣᠳᠠᠲᠠᠢ ᠦᠷ᠎ᠡ ᠪᠦᠲᠦᠭᠡᠯ ᠢᠶᠠᠷ ᠰᠢᠯᠭᠠᠨ ᠪᠠᠶᠢᠴᠠᠭᠠᠬᠤ ᠴᠢᠬᠤᠯᠠᠲᠠᠢ ᠶᠤᠮ᠂ ᠪᠢᠳᠡ ᠦᠷᠭᠦᠯᠵᠢᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠤᠨ ᠪᠠᠶᠢᠳᠠᠯ᠂ ᠠᠷᠠᠳ ᠤᠨ ᠰᠠᠨᠠᠭ᠎ᠠ ᠶᠢ ᠦᠨᠡᠨ ᠬᠦ ᠣᠶᠢᠯᠠᠭᠠᠵᠤ᠂ ᠠᠷᠠᠳ ᠣᠯᠠᠨ ᠤ ᠬᠠᠮᠤᠭ ᠤᠨ ᠬᠡᠷᠡᠭᠴᠡᠭᠡ ᠲᠠᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠤᠣᠯ ᠰᠡᠳᠦᠪᠲᠦ ᠬᠥᠮᠦᠵᠢᠯ ᠤᠨ ᠦᠵᠡᠯ ᠰᠠᠨᠠᠭᠠᠨ ᠤ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠶᠢ ᠪᠠᠷᠢᠮᠲᠠᠯᠠᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号