【 ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/14
        ᠣᠶᠢᠷ᠎ᠠ ᠳᠤ᠂ ᠵᠡᠮᠳᠡᠭᠴᠦᠳ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠬᠡᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠮᠳᠡᠭᠴᠦᠳ ᠤᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠠᠴᠠ ᠵᠡᠮᠳᠡᠭᠴᠦᠳ ᠤᠨ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
1702522529289023437.png
        ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠡᠮᠳᠡᠭᠴᠦᠳ ᠲᠤ ᠮᠡᠬᠡᠯᠡᠯ ᠢ ᠰᠡᠷᠭᠡᠶᠢᠯᠡᠬᠦ ᠶᠠᠯᠠᠲᠤ ᠠᠵᠢᠯᠯᠠᠭ᠎ᠠ ᠶᠢᠨ ᠬᠡᠷᠡᠭ ᠬᠢᠬᠦ ᠠᠷᠭ᠎ᠠ ᠪᠠᠷᠢᠯ ᠪᠠ ᠣᠨᠴᠠᠯᠢᠭ ᠢ ᠲᠦᠭᠡᠮᠡᠯᠵᠢᠭᠦᠯᠵᠦ᠂ ᠵᠡᠮᠳᠡᠭᠴᠦᠳ ᠲᠤ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠶᠢ ᠰᠠᠨᠠᠭᠤᠯᠵᠤ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃        ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠰᠤᠲᠠᠶᠢᠴᠤᠳ ᠤᠨ ᠵᠡᠮᠳᠡᠭᠴᠦᠳ ᠤᠨ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠣᠶᠢᠯᠠᠭᠠᠬᠤ ᠪᠠ ᠡᠵᠡᠮᠰᠢᠬᠦ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠠᠤᠯᠢ ᠪᠤᠰᠤ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠪᠠᠰᠠ ᠥᠷᠭᠡᠨ ᠣᠯᠠᠨ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠪᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠴᠣᠭᠴᠠᠯᠠᠬᠤ ᠶᠢ ᠤᠷᠢᠶᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号