ᠠᠶᠤᠯᠭᠦᠢ ᠦᠢᠯᠡᠳᠪᠦᠷᠢᠯᠡᠯ ᠤᠨ ︽ᠬᠠᠮᠠᠭᠠᠯᠠᠯᠲᠠ ᠶᠢᠨ ᠬᠡᠷᠡᠮ︾᠎ ᠢ ᠪᠠᠲᠤ ᠴᠣᠭᠴᠠᠯᠠᠬᠤ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/12/14
        11 ᠰᠠᠷ᠎ᠠ ᠶᠢᠨ 24 ᠎ ᠤ ᠡᠳᠦᠷ᠂ ᠰᠢᠭᠤᠶᠢᠲᠤ ᠲᠣᠭᠤᠷᠢᠭ ᠤᠨ ᠵᠡᠮᠳᠡᠭᠴᠦᠳ ᠦᠨ ᠬᠤᠯᠪᠣᠭ᠎ᠠ ᠬᠤᠲᠠ ᠶᠢᠨ ᠵᠡᠮᠳᠡᠭᠴᠦᠳ ᠦᠨ ᠬᠤᠯᠪᠣᠭ᠎ᠠ ᠶᠢᠨ ᠠᠶᠤᠯᠭᠦᠢ ᠦᠢᠯᠡᠳᠪᠦᠷᠢᠯᠡᠯ ᠦᠨ ᠠᠵᠢᠯ ᠤᠨ ᠲᠠᠯ᠎ᠠ ᠪᠠᠷ ᠬᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠣᠰᠣᠭᠠᠷ᠂ ᠺᠠᠲᠷ ᠠᠵᠢᠯᠲᠠᠨ ᠠᠵᠢᠯᠴᠢᠳ ᠢ ᠵᠣᠬᠢᠶᠠᠨ ᠪᠠᠶᠢᠭᠤᠯᠤᠨ ᠱᠢᠭᠤᠶᠢᠲᠤ ᠲᠣᠭᠤᠷᠢᠭ ᠤᠨ ᠵᠡᠮᠳᠡᠭᠴᠦᠳ ᠦᠨ ᠲᠤᠰᠠᠯᠠᠬᠤ ᠴᠢᠨᠠᠷᠲᠠᠢ ᠠᠵᠢᠯ ᠣᠯᠭᠤᠬᠤ ᠪᠠᠶᠢᠭᠤᠯᠤᠮᠵᠢ᠂ ᠥᠯᠵᠡᠢ ᠪᠡᠯ ᠬᠡ ᠲᠠᠢ ᠨᠠᠰᠤᠲᠠᠨ ᠢ ᠠᠰᠠᠷᠠᠬᠤ ᠬᠦᠷᠢᠶᠡᠯᠡᠩ ( ᠨᠠᠶᠢᠳᠠᠨ ᠠᠰᠠᠷᠠᠭᠤᠯᠬᠤ ᠪᠠᠶᠢᠭᠤᠯᠤᠮᠵᠢ) ᠵᠢᠴᠢ ᠬᠠᠯᠠᠭᠤᠨ ᠳᠤᠯᠠᠭᠠᠨ ᠭᠡᠷ ᠣᠷᠣᠨ ᠳᠤ ᠣᠴᠢᠭᠤᠯᠵᠤ ᠠᠶᠤᠯᠭᠦᠢ ᠦᠢᠯᠡᠳᠪᠦᠷᠢᠯᠡᠯ ᠦᠨ ᠪᠠᠶᠢᠴᠠᠭᠠᠯᠲᠠ ᠥᠷᠨᠢᠭᠦᠯᠪᠡ᠃        ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠪᠠᠶᠢᠭᠤᠯᠤᠮᠵᠢ ᠳᠤ᠂ ᠠᠵᠢᠯᠲᠠᠳ ᠭᠠᠯ ᠤᠨᠲᠠᠷᠠᠭᠠᠬᠤ ᠲᠥᠬᠦᠭᠡᠷᠦᠮᠵᠢ᠂ ᠠᠮᠤᠷ ᠲᠦᠪᠰᠢᠨ ᠲᠠᠷᠬᠠᠭᠠᠬᠤ ᠵᠠᠮ ᠵᠡᠷᠭᠡ ᠭᠤᠣᠯᠳᠠᠯᠭ᠎ᠠ ᠲᠠᠢ ᠪᠡᠯᠡᠳᠬᠡᠮᠵᠢ ᠳᠤ ᠴᠢᠭᠯᠡᠭᠦᠯᠦᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠭᠰᠠᠨ ᠪᠥᠭᠡᠳ ᠵᠢᠭᠰᠠᠭᠠᠨ ᠪᠠᠶᠢᠴᠠᠭᠠᠵᠤ ᠣᠯᠣᠭᠰᠠᠨ ᠠᠰᠠᠭᠤᠳᠠᠯ ᠢ ᠨᠢᠭᠡᠳ ᠨᠢᠭᠡ ᠪᠠᠷ ᠰᠡᠭᠦᠳᠡᠷᠯᠡᠨ ᠲᠡᠮᠳᠡᠭᠯᠡᠵᠦ᠂ ᠪᠠᠶᠢᠭᠤᠯᠤᠮᠵᠢ ᠶᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠪᠠ ᠠᠵᠢᠯ ᠣᠯᠣᠭᠰᠠᠨ ᠬᠥᠮᠥᠰ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠪᠠᠶᠢᠭᠤᠯᠤᠮᠵᠢ ᠶᠢᠨ ᠠᠮᠤᠷ ᠲᠦᠪᠰᠢᠨ ᠡᠵᠡᠩᠨᠡᠯᠲᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
1702521129041058426.jpg
                ᠪᠠᠶᠢᠴᠠᠭᠠᠯᠲᠠ ᠶᠢᠨ ᠳᠤᠮᠳᠠ᠂ ᠠᠵᠢᠯᠲᠠᠳ ᠪᠠᠰᠠ ᠰᠢᠭᠤᠶᠢᠲᠤ ᠲᠣᠭᠤᠷᠢᠭ  ᠥᠯᠵᠡᠢ ᠪᠡᠯᠭᠡ ᠲᠠᠢ ᠨᠠᠰᠤᠲᠠᠨ ᠢ ᠠᠰᠠᠷᠠᠬᠤ ᠬᠦᠷᠢᠶᠡᠯᠡᠩ ᠪᠣᠯᠣᠨ ᠬᠠᠯᠠᠭᠤᠨ ᠳᠤᠯᠠᠭᠠᠨ ᠭᠡᠷ ᠣᠷᠣᠨ ᠳᠤ ᠠᠮᠤᠷ ᠲᠦᠪᠰᠢᠨ ᠤ ᠠᠰᠠᠭᠤᠳᠠᠯ ᠤᠨ ᠪᠠᠶᠢᠴᠠᠭᠠᠯᠲᠠ ᠥᠷᠨᠢᠭᠦᠯᠪᠡ᠃ ᠠᠵᠢᠯᠲᠠᠳ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠠᠯ ᠤᠨᠲᠠᠷᠠᠭᠠᠭᠤᠷ ᠤᠨ ᠲᠤᠭ᠎ᠠ ᠬᠡᠮᠵᠢᠶ᠎ᠡ ᠪᠣᠯᠣᠨ ᠬᠦᠴᠦᠨ ᠲᠠᠢ ᠬᠤᠭᠤᠴᠠᠭ᠎ᠠ ᠨᠢ ᠬᠢᠷᠢ ᠲᠡᠩᠴᠡᠭᠰᠡᠨ ᠡᠰᠡᠬᠦ ᠵᠡᠷᠭᠡ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠭᠰᠡᠨ ᠪᠥᠭᠡᠳ ᠨᠠᠰᠤᠲᠠᠨ ᠢ ᠠᠰᠠᠷᠠᠬᠤ ᠬᠦᠷᠢᠶᠡᠯᠡᠩ᠂ ᠬᠠᠯᠠᠭᠤᠨ ᠳᠤᠯᠠᠭᠠᠨ ᠭᠡᠷ ᠣᠷᠣᠨ ᠤ ᠬᠠᠷᠢᠭᠤᠴᠠᠯᠭᠠᠲᠠᠨ ᠲᠠᠢ ᠢᠳᠡᠪᠬᠢᠲᠡᠢ ᠪᠠᠷ ᠨᠡᠪᠲᠡᠷᠡᠯᠴᠡᠵᠦ᠂ ᠲᠡᠳᠡᠨ ᠢ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠡᠮᠳᠡᠭᠴᠦᠳ ᠤᠨ ᠠᠮᠢ ᠨᠠᠰᠤᠨ ᠤ ᠠᠮᠤᠷ ᠲᠦᠪᠰᠢᠨ ᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠬᠤ ᠬᠡᠷᠡᠭᠲᠡᠢ ᠭᠡᠵᠦ ᠱᠠᠭᠠᠷᠳᠠᠪᠠ᠃        ᠲᠣᠰ ᠤᠳᠠᠭᠠᠨ ᠤ ᠪᠠᠶᠢᠴᠠᠭᠠᠯᠲᠠ ᠳᠤ ᠲᠤᠰᠠᠯᠠᠬᠤ ᠪᠠᠶᠢᠭᠤᠯᠤᠮᠵᠢ ᠪᠠ ᠥᠯᠵᠡᠢ ᠪᠡᠯᠭᠡ ᠲᠠᠢ ᠨᠠᠰᠤᠲᠠᠨ ᠢ ᠠᠰᠠᠷᠠᠬᠤ ᠬᠦᠷᠢᠶᠡᠯᠡᠩ ᠵᠢᠴᠢ ᠬᠠᠯᠠᠭᠤᠨ ᠳᠤᠯᠠᠭᠠᠨ ᠭᠡᠷ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠦᠴᠦᠲᠡᠢ ᠴᠢᠩᠭᠠᠳᠬᠠᠵᠤ᠂ ᠲᠤᠰᠠᠯᠠᠬᠤ ᠪᠠᠶᠢᠭᠤᠯᠤᠮᠵᠢ ᠶᠢᠨ ᠡᠵᠡᠩᠨᠡᠯᠲᠡ ᠪᠠ ᠬᠠᠯᠠᠭᠤᠨ ᠳᠤᠯᠠᠭᠠᠨ ᠭᠡᠷ ᠣᠷᠣᠨ ᠳᠤ ᠠᠵᠢᠯᠯᠠᠭ᠎ᠠ ᠥᠷᠨᠢᠭᠦᠯᠵᠦ ᠪᠠᠶᠢᠭ᠎ᠠ ᠵᠡᠮᠳᠡᠭᠴᠦᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ᠃  
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号