ᠪᠡᠳᠬᠡᠷ ᠵᠤᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠴᠢᠮ ᠠᠪᠤᠷᠠᠬᠤ ᠪᠣᠯᠪᠠᠰᠤᠷᠠᠯ ᠥᠷᠨᠢᠭᠦᠯᠵᠦ ᠡᠮᠴᠢ ᠰᠤᠪᠢᠯᠠᠯᠲᠠ ᠶᠢᠨ ᠲᠦᠪᠰᠢᠨ ᠢ ᠲᠡᠭᠡᠭᠰᠢᠯᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/12/18
         ᠪᠡᠳᠬᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠬᠢᠷᠢ ᠲᠦᠪᠰᠢᠨ ᠪᠠ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 16᠎ ᠤ ᠡᠳᠦᠷ ᠤᠨ ᠦᠳᠡ ᠶᠢᠨ ᠬᠤᠶᠢᠨ᠎ᠠ᠂ ᠪᠡᠳᠭᠡᠷ ᠵᠣᠣ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠬᠤᠷᠢᠶ᠎ᠠ ᠎ ᠨᠢ ᠬᠠᠷᠰᠢᠮᠠᠲᠠᠭᠠᠢ ᠴᠢᠨᠠᠷᠲᠠᠢ ᠱᠤᠺ ᠠᠪᠤᠷᠠᠬᠤ ᠶᠠᠪᠤᠴᠠ ᠶᠢᠨ ᠪᠣᠯᠪᠠᠰᠤᠷᠠᠯ ᠪᠠ ᠪᠣᠳᠠᠲᠤ ᠪᠣᠯᠪᠠᠰᠤᠷᠠᠯ ᠤᠨ ᠪᠣᠯᠪᠠᠰᠤᠷᠠᠯ ᠥᠷᠨᠢᠭᠦᠯᠪᠡ᠃
1702889743829071818.jpg
        ᠪᠣᠯᠪᠠᠰᠤᠷᠠᠯ ᠳᠤᠮᠳᠠ᠂ ᠦ᠋ ᠲᠢᠶᠠᠨ ᠰᠢ ᠡᠮᠴᠢ PPT ᠡᠬᠡ ᠪᠢᠴᠢᠭ ᠤᠨ ᠬᠡᠯᠪᠡᠷᠢ ᠪᠠᠷ ᠬᠠᠵᠠᠭᠤ ᠳᠠᠬᠢ ᠰᠣᠩᠭᠤᠳᠠᠭ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠦᠶᠦᠬᠡᠨ ᠭᠦᠨᠵᠡᠭᠡᠢ ᠠᠴᠠ ᠡᠮᠴᠢ ᠰᠤᠪᠢᠯᠠᠭᠴᠢᠳ ᠲᠤ ᠬᠠᠷᠰᠢᠮᠠᠲᠠᠭᠠᠢ ᠴᠢᠨᠠᠷᠲᠠᠢ ᠱᠤᠺ ᠤᠨ ᠲᠣᠮᠢᠶᠠᠯᠠᠯ᠂ ᠡᠪᠡᠳᠴᠢᠨ ᠡᠭᠦᠰᠬᠦ ᠲᠣᠭᠲᠠᠴᠠ᠂ ᠡᠮᠴᠢᠯᠡᠭᠡᠨ ᠤ ᠢᠯᠡᠷᠡᠯ᠂ ᠮᠠᠭᠠᠳᠯᠠᠬᠤ ᠪᠠᠷᠢᠮᠵᠢᠶ᠎ᠠ ᠵᠢᠴᠢ ᠲᠦᠷᠭᠡᠨ ᠠᠪᠤᠷᠠᠬᠤ ᠠᠷᠭ᠎ᠠ ᠬᠡᠮᠵᠢᠶ᠎ᠡ ᠵᠡᠷᠭᠡ ᠶᠢ ᠤᠯᠠᠮᠵᠢᠯᠠᠬᠤ ᠶᠢᠨ ᠬᠠᠮᠲᠤ ᠲᠦᠷᠭᠡᠨ ᠠᠪᠤᠷᠠᠬᠤ ᠠᠷᠭ᠎ᠠ ᠬᠡᠮᠵᠢᠶ᠎ᠡ ᠳᠤ ᠴᠢᠭᠯᠡᠭᠦᠯᠦᠨ ᠭᠤᠣᠯᠳᠠᠯᠭ᠎ᠠ ᠲᠠᠢ ᠲᠠᠶᠢᠯᠤᠮᠵᠢ ᠬᠢᠵᠦ᠂ ᠬᠠᠷᠰᠢᠮᠠᠲᠠᠭᠠᠢ ᠴᠢᠨᠠᠷᠲᠠᠢ ᠱᠤᠺ ᠡᠭᠦᠰᠬᠦ ᠳᠤ ᠭᠦᠷᠪᠡᠯ᠂ ᠡᠷᠬᠡᠪᠰᠢ ᠴᠠᠭ ᠮᠥᠴᠡ ᠶᠢ ᠵᠠᠪᠳᠤᠵᠤ᠂ ᠲᠦᠷᠭᠡᠨ ᠴᠠᠭ ᠲᠤᠬᠠᠢ ᠳᠤᠨᠢ ᠲᠦᠷᠭᠡᠨ ᠠᠪᠤᠷᠠᠬᠤ ᠶᠢ ᠴᠢᠬᠤᠯᠠᠴᠢᠯᠠᠪᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠳᠠᠷᠤᠢ ᠲᠦᠷᠭᠡᠨ ᠪᠣᠳᠠᠲᠠᠢ ᠪᠣᠯᠪᠠᠰᠤᠷᠠᠯ ᠥᠷᠨᠢᠭᠦᠯᠵᠦ᠂ ᠡᠮᠴᠢ ᠰᠤᠪᠢᠯᠠᠭᠴᠢᠳ ᠬᠠᠷᠰᠢᠮᠠᠲᠠᠭᠠᠢ ᠴᠢᠨᠠᠷᠲᠠᠢ ᠱᠤᠺ ᠠᠪᠤᠷᠠᠵᠤ ᠭᠠᠷᠭᠠᠬᠤ ᠪᠥᠬᠦ ᠶᠠᠪᠤᠴᠠ ᠶᠢ ᠳᠠᠭᠤᠷᠢᠶᠠᠵᠤ᠂ ᠦ᠋ ᠲᠢᠶᠠᠨ ᠰᠢ ᠡᠮᠴᠢ ᠰᠤᠪᠢᠯᠠᠭᠴᠢ ᠶᠢᠨ ᠪᠣᠳᠠᠲᠠᠢ ᠠᠵᠢᠯᠯᠠᠭᠠᠨ ᠳᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠯᠤᠭᠤᠳᠴᠤ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠶᠠᠪᠤᠴᠠ ᠵᠢᠴᠢ ᠰᠢᠢᠳᠪᠦᠷᠢᠯᠡᠬᠦ ᠲᠥᠰᠥᠯ ᠢ ᠡᠮᠬᠢᠯᠡᠨ ᠳᠢᠭᠯᠡᠵᠦ᠂ ᠪᠥᠬᠦ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠤ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠢᠴᠢ ᠬᠢᠨᠠᠨ ᠰᠢᠯᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠤ ᠲᠦᠷᠭᠡᠨ ᠠᠪᠤᠷᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
1702889751374091323.jpg
        ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠡᠮᠴᠢ ᠰᠤᠪᠢᠯᠠᠭᠴᠢ ᠶᠢᠨ ᠬᠠᠷᠰᠢᠮᠠᠲᠠᠭᠠᠢ ᠴᠢᠨᠠᠷᠲᠠᠢ ᠱᠤᠺ ᠡᠪᠡᠳᠴᠢᠲᠡᠨ ᠢ ᠲᠦᠷᠭᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠦᠷᠭᠡᠨ ᠠᠪᠤᠷᠠᠬᠤ ᠶᠠᠪᠤᠴᠠ ᠶᠢ ᠵᠢᠷᠤᠮᠵᠢᠭᠤᠯᠵᠤ᠂ ᠡᠯ᠎ᠡ ᠵᠦᠢᠯ ᠤᠨ ᠲᠦᠷᠭᠡᠨ ᠠᠪᠤᠷᠠᠬᠤ ᠠᠵᠢᠯᠯᠠᠭᠠᠨ ᠤ ᠨᠠᠷᠢᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠥᠭᠡᠳ ᠪᠠᠰᠠ ᠰᠤᠪᠢᠯᠠᠭᠴᠢ ᠶᠢᠨ ᠲᠦᠷᠭᠡᠨ ᠠᠪᠤᠷᠠᠬᠤ ᠤᠬᠠᠮᠰᠠᠷ ᠪᠠ ᠡᠮᠴᠢ ᠰᠤᠪᠢᠯᠠᠭᠴᠢ ᠶᠢᠨ ᠬᠠᠮᠵᠢᠯᠴᠠᠨ ᠵᠣᠬᠢᠴᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠨᠠᠩ ᠰᠢᠯᠢᠳᠡᠭ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠳᠤ ᠰᠠᠭᠤᠷᠢ ᠶᠢ ᠪᠠᠬᠢᠵᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢ ᠨᠠᠩ ᠰᠠᠶᠢᠨ ᠬᠠᠮᠠᠭᠠᠯᠠᠵᠤ ᠴᠢᠳᠠᠭᠰᠠᠨ ᠪᠠᠶᠢᠨ᠎ᠠ᠃
1702889760583096918.jpg
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号