︽ᠭᠤᠷᠪᠠᠨ ᠠᠩᠬᠠᠷᠤᠯ︾᠎ ᠤᠨ ᠲᠠᠯ᠎ᠠ ᠪᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/12/18
        ᠣᠶᠢᠷ᠎ᠠ ᠶᠢᠨ ᠵᠢᠯ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠲᠤᠭᠤᠰᠢᠯᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ︽ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ︾᠎ ᠶᠢ ᠴᠢᠩᠭ᠎ᠠ ᠠᠳᠬᠤᠵᠤ᠂ ᠰᠢᠨ᠎ᠡ ᠥᠨᠳᠦᠷᠯᠢᠭ ᠢ ᠴᠢᠷᠮᠠᠶᠢᠨ ᠪᠠᠶᠢᠭᠤᠯᠵᠤ᠂ ︽ᠡᠷᠡᠭᠦᠯ ᠮᠡᠨᠳᠦ ᠰᠢᠭᠤᠶᠢᠲᠤ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠡᠭᠦᠳᠬᠦ ᠳᠤ ᠪᠠᠲᠤ ᠪᠠᠬᠢ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃        ᠨᠢᠭᠡ᠂ ᠤᠨᠢᠨ ᠳᠡᠭᠡᠷ᠎ᠡ ᠨᠢ ᠴᠢᠳᠠᠪᠤᠷᠢᠲᠠᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠥᠨᠳᠥᠷ ᠲᠠᠪᠴᠠᠩ ᠢ ᠪᠦᠷᠢᠯᠳᠦᠭᠦᠯᠬᠦ ᠬᠡᠷᠡᠭᠲᠡᠢ᠃        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠣᠯᠣᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠤᠨ ᠲᠤᠰᠬᠠᠢ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︿ᠵᠠᠯᠠᠭᠤ ᠺᠠᠳ᠋ᠷ ᠢ ᠪᠣᠶᠢᠵᠢᠭᠤᠯᠬᠤ ᠬᠤᠷᠰᠢᠶ᠎ᠠ﹀᠎ ᠶᠢᠨ ᠵᠠᠯᠠᠭᠤ ᠺᠠᠳ᠋ᠷ ᠢ ᠬᠥᠮᠥᠵᠢᠭᠦᠯᠬᠦ ᠬᠡᠷᠡᠭᠵᠢᠭᠦᠯᠬᠦ ᠲᠥᠰᠥᠯ︾᠎ ᠢ ᠲᠣᠭᠲᠠᠭᠠᠵᠤ᠂ ᠵᠠᠯᠠᠭᠤ ᠺᠠᠳ᠋ᠷᠴᠤᠳ ᠤᠨ ᠠᠵᠢᠯ ᠬᠢᠬᠦ ᠳᠤᠷᠠᠲᠠᠢ ᠢᠳᠡᠪᠬᠢᠵᠢᠯ᠂ ᠠᠵᠢᠯ ᠬᠢᠵᠦ ᠴᠢᠳᠠᠬᠤ ᠭᠦᠢᠴᠡᠳᠬᠡᠬᠦ ᠬᠦᠴᠦᠨ᠂ ᠠᠵᠢᠯ ᠶᠠᠪᠤᠳᠠᠯ ᠪᠦᠲᠦᠭᠡᠬᠦ ᠪᠣᠳᠠᠲᠤ ᠦᠷ᠎ᠡ ᠪᠦᠲᠦᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠵᠠᠯᠠᠭᠤ ᠺᠠᠳ᠋ᠷᠴᠤᠳ ᠤᠨ ᠦᠨᠡᠨᠴᠢ ᠰᠢᠳᠤᠷᠭᠤ ᠰᠦᠭ ᠰᠦᠨᠡᠰᠦ ᠶᠢ ᠱᠤᠭᠤᠬᠤ᠂ ᠶᠠᠰᠤ ᠴᠢᠨᠠᠷ ᠢ ᠴᠢᠩᠭᠠᠳᠬᠠᠬᠤ᠂ ᠦᠢᠯᠡᠳᠦᠯᠭᠡ ᠶᠢᠨ ᠮᠥᠩᠭᠦ ᠪᠣᠯᠪᠠᠰᠤᠷᠠᠭᠤᠯᠬᠤ ᠢᠨᠵᠧᠨᠧᠷᠢᠩ ᠢ ᠰᠠᠶᠢᠲᠤᠷ ᠠᠳᠬᠤᠨ ᠪᠣᠳᠠᠲᠠᠢ ᠠᠳᠬᠤᠵᠤ᠂ ᠵᠠᠯᠠᠭᠤ ᠺᠠᠳ᠋ᠷᠴᠤᠳ ᠤᠨ ᠠᠪᠢᠶᠠᠰ ᠴᠢᠳᠠᠪᠤᠷᠢ ᠶᠢ ᠪᠠᠳᠠᠷᠠᠭᠤᠯᠵᠤ᠂ ᠲᠦᠷᠭᠡᠨ ᠦᠰᠦᠨ ᠪᠣᠶᠢᠵᠢᠬᠤ ᠳᠤ ᠲᠠᠪᠴᠠᠩ ᠪᠠᠶᠢᠭᠤᠯᠵᠤ ᠥᠭᠪᠡ᠃        ᠬᠤᠶᠠᠷ᠂ ᠤᠨᠢᠨ ᠳᠡᠭᠡᠷ᠎ᠡ ᠨᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠬᠠᠲᠠᠭᠤ ᠴᠢᠳᠠᠪᠤᠷᠢ ᠶᠢᠨ ᠡᠩᠨᠡᠭᠡ ᠶᠢ ᠪᠤᠢ ᠪᠣᠯᠭᠠᠬᠤ ᠬᠡᠷᠡᠭᠲᠡᠢ ᠃        ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠵᠦ ᠨᠢᠭᠡ ᠪᠦᠯᠦᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠳᠠᠶᠢᠴᠢᠯᠠᠨ᠎ᠠ᠃ ᠨᠢᠭᠡ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠦᠷᠭᠦᠯᠵᠢᠯᠡᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠳᠠᠪᠠᠭᠤᠯᠢᠭ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠴᠢᠳᠠᠪᠤᠷᠢᠲᠠᠨ ᠬᠥᠮᠥᠵᠢᠭᠦᠯᠵᠦ᠂ ᠡᠮᠴᠢᠯᠡᠭᠡᠨ ᠤ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠦᠨ᠎ᠡ᠃ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠥᠷᠥᠯ ᠵᠦᠢᠯ ᠢ ᠢᠳᠡᠪᠬᠢᠲᠡᠢ ᠠᠭᠤᠳᠠᠯᠵᠤ᠂ ᠲᠥᠯᠥᠪᠯᠡᠭᠡ ᠲᠣᠭᠲᠠᠭᠠᠨ᠂ ᠬᠠᠨᠳᠤᠯᠭ᠎ᠠ ᠲᠠᠢ ᠪᠠᠷ ᠬᠥᠮᠥᠵᠢᠭᠦᠯᠵᠦ᠂ ᠴᠢᠳᠠᠪᠤᠷᠢᠲᠠᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠬᠦᠴᠦᠯᠡᠨ ᠠᠬᠢᠭᠤᠯᠤᠨ᠎ᠠ᠃ ᠬᠤᠶᠠᠷ ᠲᠤ᠂ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠪᠡᠯᠡᠳᠬᠡᠯ ᠡᠩᠨᠡᠭᠡ ᠶᠢ ᠬᠦᠴᠦᠯᠡᠨ ᠬᠥᠮᠥᠵᠢᠭᠦᠯᠦᠨ ᠰᠣᠩᠭᠤᠵᠤ᠂ ᠰᠢᠯᠢᠳᠡᠭ ᠴᠢᠳᠠᠪᠤᠷᠢᠲᠠᠨ ᠤ ᠱᠠᠲᠤᠯᠢᠭ ᠡᠩᠨᠡᠭᠡ ᠶᠢ ᠪᠣᠶ ᠪᠣᠯᠭᠠᠪᠠ᠃ ᠪᠦᠬᠦ ᠣᠷᠣᠨ ᠤ ᠡᠷᠡᠭᠦᠯ ᠬᠠᠮᠠᠭᠠᠯᠠᠯ ᠤᠨ ᠰᠢᠰᠲ᠋ᠧᠮ ᠳᠤ ᠬᠥᠭᠵᠢᠯᠲᠡ ᠶᠢᠨ ᠳᠠᠯᠳᠠ ᠬᠦᠴᠦᠨ ᠲᠠᠢ ᠰᠢᠯᠢᠳᠡᠭ ᠢᠳᠡᠷ ᠵᠠᠯᠠᠭᠤᠴᠤᠳ ᠤᠨ ᠡᠷᠳᠡᠮ ᠰᠢᠨᠵᠢᠯᠡᠭᠡᠨ ᠤ ᠮᠡᠷᠭᠡᠵᠢᠯ ᠤᠨ ᠳᠠᠭᠠᠭᠤᠯᠤᠭᠴᠢ ᠶᠢ ᠢᠯᠡ ᠪᠠᠷ ᠰᠢᠯᠢᠨ ᠳᠡᠪᠰᠢᠭᠦᠯᠵᠦ᠂ ᠭᠤᠷᠪᠠᠨ ᠵᠢᠯ ᠴᠢᠨᠠᠭᠰᠢᠯᠠᠪᠠᠯ ᠨᠠᠩ ᠤᠷᠲᠤ ᠬᠤᠭᠤᠴᠠᠭᠠᠨ ᠤ ᠬᠤᠭᠤᠴᠠᠭ᠎ᠠ ᠲᠠᠢ ᠬᠥᠮᠥᠵᠢᠭᠦᠯᠬᠦ ᠦᠶᠡᠯᠡᠯ ᠤᠨ ᠬᠤᠭᠤᠴᠠᠭ᠎ᠠ ᠶᠢ ᠬᠢᠵᠦ᠂ ᠴᠢᠬᠤᠯᠠ ᠠᠵᠢᠯ ᠤᠨ ᠪᠠᠶᠢᠷᠢ ᠳᠤ ᠲᠠᠯᠪᠢᠨ ᠳᠠᠪᠲᠠᠨ ᠪᠣᠯᠪᠠᠰᠤᠷᠠᠭᠤᠯᠵᠤ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯ ᠤᠨ ᠳᠠᠪᠲᠠᠨ ᠪᠣᠯᠪᠠᠰᠤᠷᠠᠭᠤᠯᠵᠤ᠂ ᠢᠳᠡᠷ ᠵᠠᠯᠠᠭᠤ ᠭᠤᠣᠯᠯᠠᠭᠴᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠵᠤ᠂ ᠳᠠᠪᠲᠠᠨ ᠪᠣᠯᠪᠠᠰᠤᠷᠠᠭᠤᠯᠬᠤ ᠠᠵᠢᠯᠲᠠᠨ ᠨᠡᠶᠢᠲᠡ 12 ᠪᠣᠯᠪᠠ᠃        ᠢᠳᠡᠷ ᠵᠠᠯᠠᠭᠤ ᠡᠷᠳᠡᠮ ᠰᠢᠨᠵᠢᠯᠡᠭᠡᠨ ᠤ ᠮᠡᠷᠭᠡᠵᠢᠯ ᠤᠨ ᠭᠤᠣᠯᠯᠠᠭᠴᠢ ᠡᠩᠨᠡᠭᠡ ᠶᠢ  ᠨᠦᠬᠡᠴᠡᠯᠡᠨ᠎ᠡ᠃ ᠨᠢᠭᠡ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠥᠨ ᠪᠦᠬᠦᠨ ᠮᠡᠳᠡᠭᠡ ᠵᠠᠩᠭᠢᠴᠢ ᠪᠣᠯᠬᠤ ᠪᠠᠷ ᠱᠠᠭᠠᠷᠳᠠᠯᠭ᠎ᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠮᠡᠳᠡᠭᠡ ᠵᠠᠩᠭᠢ ᠶᠢᠨ ᠵᠣᠬᠢᠶᠠᠨ ᠪᠢᠴᠢᠬᠦ ᠪᠣᠯᠪᠠᠰᠤᠷᠠᠯ ᠢ 1 ᠤᠳᠠᠭ᠎ᠠ ᠯᠠᠪᠳᠠᠭᠤᠨ ᠪᠠᠲᠤᠲᠠᠢ ᠥᠷᠨᠢᠭᠦᠯᠪᠡ᠃ ᠬᠤᠶᠠᠷ ᠲᠤ᠂ ︽ᠵᠠᠯᠠᠭᠤᠴᠤᠳ ᠤᠨ ᠴᠧᠩ ᠴᠠᠩ ᠬᠤᠷᠰᠢᠶ᠎ᠠ︾᠎ ᠶᠢᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ︵ᠨᠢᠭᠡᠳᠦᠭᠡᠷ ᠬᠤᠭᠤᠴᠠᠭ᠎ᠠ︶᠎ ᠶᠢ ᠡᠷᠬᠢᠯᠡᠵᠦ᠂ ᠨᠣᠮ ᠤᠩᠰᠢᠬᠤ ᠣᠯᠣᠯᠲᠠ 1 ᠬᠤᠪᠢ᠂ ᠰᠤᠳᠤᠯᠤᠨ ᠶᠠᠷᠢᠯᠴᠠᠬᠤ ᠮᠠᠲ᠋ᠧᠷᠢᠶᠠᠯ 1 ᠬᠤᠪᠢ ᠪᠢᠴᠢᠵᠦ᠂ ᠣᠳᠣᠬᠠᠨ ᠳᠤ ᠨᠣᠮ ᠤᠩᠰᠢᠬᠤ 5 ᠳᠤᠭᠤᠶᠢᠯᠠᠩ ᠨᠡᠶᠢᠲᠡ 1 ᠤᠳᠠᠭ᠎ᠠ ᠨᠣᠮ ᠤᠩᠰᠢᠵᠤ ᠬᠤᠪᠢᠶᠠᠯᠴᠠᠬᠤ ᠬᠤᠷᠠᠯ ᠬᠢᠪᠡ᠃ ᠭᠤᠷᠪᠠ ᠳᠤ᠂ ᠬᠥᠬᠡᠬᠤᠲᠠ ᠠᠴᠠ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ - ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ - ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ - ᠤᠯᠠᠭᠠᠨᠬᠦᠦ ᠶᠢᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠨᠠᠮ ᠤᠨ ᠠᠷᠠᠳ ᠲᠦᠮᠡᠨ ᠢ ᠳᠠᠭᠠᠭᠤᠯᠤᠨ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ ᠲᠡᠮᠡᠴᠡᠨ ᠣᠯᠬᠤ ᠭᠠᠶᠢᠬᠠᠮᠰᠢᠭᠲᠤ ᠣᠨ ᠰᠠᠷ᠎ᠠ ᠵᠢᠴᠢ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ᠂ ᠬᠥᠭᠵᠢᠯᠲᠡ ᠶᠢᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠦᠨᠡᠨ ᠬᠦ ᠣᠶᠢᠯᠠᠭᠠᠵᠤ᠂ ᠨᠠᠮᠴᠢ ᠴᠢᠨᠠᠷ ᠤᠨ ᠭᠦᠨ ᠭᠦᠨᠵᠡᠭᠡᠢ ᠬᠥᠮᠦᠵᠢᠯ ᠪᠠ ᠦᠵᠡᠯ ᠰᠠᠨᠠᠭᠠᠨ ᠤ ᠳᠠᠪᠲᠠᠯᠲᠠ ᠶᠢ ᠬᠦᠷᠲᠡᠪᠡ᠃ ᠳᠥᠷᠪᠡ ᠳᠤ ᠵᠠᠯᠠᠭᠤ ᠺᠠᠳ᠋ᠷᠴᠤᠳ ᠰᠠᠷ᠎ᠠ ᠪᠦᠷᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠢᠴᠢᠬᠦ ᠶᠢ ᠪᠠᠷᠢᠮᠲᠠᠯᠠᠵᠤ᠂ ᠵᠣᠬᠢᠶᠠᠨ ᠪᠢᠴᠢᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠪᠢᠷ ᠠᠪᠴᠤ ᠪᠢᠴᠢᠬᠦ ᠴᠢᠳᠠᠪᠤᠷᠢ︾᠎ ᠶᠢᠨ ᠭᠦᠨ ᠳᠣᠲᠣᠭᠠᠳᠤ ᠬᠦᠴᠦᠨ ᠢ ᠳᠠᠪᠲᠠᠨ ᠪᠣᠯᠪᠠᠰᠤᠷᠠᠭᠤᠯᠤᠨ᠎ᠠ᠃ ᠲᠠᠪᠤ ᠳᠤ᠂ ︽ᠨᠠᠰᠤᠲᠠᠨ ᠢᠶᠠᠷ ᠰᠢᠨ᠎ᠡ ᠶᠢ ᠳᠠᠶᠢᠴᠢᠯᠠᠬᠤ᠂ ᠰᠢᠨ᠎ᠡ ᠬᠠᠭᠤᠴᠢᠨ ᠢ ᠠᠭᠤᠰᠤᠯᠴᠠᠭᠤᠯᠬᠤ︾ ᠪᠣᠯᠪᠠᠰᠤᠷᠠᠯ ᠪᠠ ᠠᠵᠢᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠭᠤᠣᠯ ᠬᠦᠴᠦᠨ ᠢ ᠶᠡᠬᠡᠪᠡᠷ ᠬᠥᠮᠥᠵᠢᠭᠦᠯᠵᠦ᠂ ᠵᠠᠯᠠᠭᠤ ᠴᠢᠳᠠᠪᠤᠷᠢᠲᠠᠨ ᠤ ᠦᠰᠦᠨ ᠪᠤᠶᠢᠵᠢᠯᠲᠠ ᠶᠢ ᠪᠦᠬᠦ ᠲᠠᠯ᠎ᠠ ᠪᠠᠷ ᠢᠲᠡᠭᠡᠵᠦ ᠬᠠᠪᠰᠤᠷᠤᠨ ᠳᠡᠮᠵᠢᠨ᠎ᠡ᠃ ᠵᠢᠷᠭᠤᠭ᠎ᠠ ᠳᠤ ᠬᠥᠮᠥᠨ ᠨᠢᠭᠡᠪᠦᠷᠢ ᠶᠢᠨ ᠠᠳᠠᠯᠢ ᠪᠤᠰᠤ ᠣᠨᠴᠠᠯᠢᠭ ᠢ ᠦᠨᠳᠦᠰᠦᠯᠡᠨ ᠮᠡᠷᠭᠡᠵᠢᠯ ᠴᠢᠳᠠᠪᠤᠷᠢᠲᠠᠨ ᠳᠤ ᠲᠣᠬᠢᠷᠠᠭᠤᠯᠤᠨ ᠵᠢᠭᠠᠵᠤ᠂ ᠲᠡᠭᠦᠨ ᠢ ᠲᠣᠬᠢᠷᠠᠮᠵᠢᠲᠠᠢ ᠠᠵᠢᠯ ᠤᠨ ᠪᠠᠶᠢᠷᠢ ᠳᠤ ᠲᠠᠯᠪᠢᠵᠤ᠂ ᠬᠥᠮᠥᠨ ᠢ ᠰᠠᠶᠢᠨ ᠲᠣᠮᠢᠯᠠᠨ ᠬᠡᠷᠡᠭᠯᠡᠵᠦ᠂ ᠴᠠᠭ ᠲᠠᠭᠠᠨ ᠬᠡᠷᠡᠭᠯᠡᠵᠦ᠂ ᠬᠥᠮᠥᠨ ᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠪᠡᠶᠡᠯᠡᠭᠦᠯᠦᠨ᠎ᠡ᠃        ᠭᠤᠷᠪᠠ᠂ ᠤᠨᠢᠨ ᠳᠡᠭᠡᠷ᠎ᠡ ᠨᠢ ᠬᠥᠮᠥᠵᠢᠭᠦᠯᠬᠦ ᠲᠣᠭᠲᠠᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠦᠲᠦᠭᠡᠬᠦ ᠢᠷᠡᠭᠡᠳᠦᠢ ᠶᠢᠨ ᠬᠥᠭᠵᠢᠯᠲᠡ ᠶᠢ  ᠬᠥᠭᠵᠢᠭᠡᠨ᠎ᠡ᠃        ᠴᠢᠳᠠᠪᠤᠷᠢᠲᠠᠨ ᠤ ᠡᠩᠨᠡᠭᠡ ᠶᠢᠨ ︽ᠤᠰᠤ ᠬᠠᠳᠠᠭᠠᠯᠠᠬᠤ ᠴᠥᠭᠦᠷᠥᠮ︾᠎ ᠢ ᠰᠠᠶᠢᠲᠤᠷ ᠵᠠᠰᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠨᠠᠮ ᠠᠴᠠ ᠴᠢᠳᠠᠪᠤᠷᠢᠲᠠᠨ ᠢ ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠢᠮᠠᠭᠲᠠ ᠴᠢᠳᠠᠪᠤᠷᠢᠲᠠᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠷᠸ᠎ᠠ ᠲᠠᠯ᠎ᠠ ᠶᠢ ᠬᠠᠮᠢᠶᠠᠷᠬᠤ᠂ ᠲᠥᠷᠥ ᠶᠢᠨ ᠪᠣᠳᠣᠯᠭ᠎ᠠ ᠶᠢ ᠬᠠᠮᠢᠶᠠᠷᠬᠤ᠂ ᠵᠣᠬᠢᠴᠠᠭᠤᠯᠬᠤ ᠶᠢ ᠬᠠᠮᠢᠶᠠᠷᠬᠤ᠂ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠦᠨᠡᠨ ᠬᠦ ᠰᠠᠶᠢᠲᠤᠷ ᠭᠦᠢᠴᠡᠳᠬᠡᠵᠦ᠂ ᠬᠠᠮᠢᠶᠠᠷᠬᠤ ᠶᠣᠰᠣᠲᠠᠢ ᠶᠢ ᠨᠢ ᠰᠠᠶᠢᠲᠤᠷ ᠬᠠᠮᠢᠶᠠᠷᠬᠤ᠂ ᠬᠢᠬᠦ ᠶᠣᠰᠣᠲᠠᠢ ᠶᠢ ᠨᠢ ᠴᠢᠯᠦᠭᠡᠲᠡᠢ ᠲᠠᠯᠪᠢᠬᠤ ᠶᠢ ᠪᠠᠷᠢᠮᠲᠠᠯᠠᠨ᠎ᠠ᠃ ᠪᠦᠬᠦ ᠵᠢᠯ ᠳᠤ ᠴᠢᠳᠠᠪᠤᠷᠢᠲᠠᠨ ᠤ ᠠᠵᠢᠯ ᠤᠨ ᠲᠤᠰᠬᠠᠢ ᠰᠡᠳᠦᠪᠲᠦ ᠬᠤᠷᠠᠯ ᠢ 3 ᠤᠳᠠᠭ᠎ᠠ ᠬᠤᠷᠠᠯᠳᠤᠭᠤᠯᠵᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ 1 ᠤᠳᠠᠭ᠎ᠠ ᠥᠷᠨᠢᠭᠦᠯᠪᠡ᠃        ᠴᠢᠳᠠᠪᠤᠷᠢᠲᠠᠨ ᠤ ᠥᠰᠦᠨ ᠪᠣᠶᠢᠵᠢᠬᠤ︽ᠨᠡᠪᠴᠢᠭᠦᠯᠦᠭᠦᠷ︾᠎ ᠢ ᠪᠦᠲᠦᠭᠡᠨ ᠪᠠᠶᠢᠭᠤᠯᠤᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠪᠬᠢᠲᠡᠢ ᠪᠠᠷ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠵᠦ᠂ ︽ᠵᠠᠯᠠᠭᠤᠴᠤᠳ ᠤᠨ ᠨᠡᠶᠢᠭᠡᠮ ᠤᠨ ᠪᠦᠯᠬᠦᠮ︾᠎ ᠢ ᠵᠣᠬᠢᠶᠠᠨ ᠪᠠᠶᠢᠭᠤᠯᠪᠠ᠃ ᠡᠯ᠎ᠡ ᠬᠤᠶᠠᠳᠤᠭᠠᠷ ᠳᠡᠰ ᠤᠨ ᠨᠢᠭᠡᠴᠢ ᠶᠢᠨ ᠡᠪᠯᠡᠯ ᠤᠨ ᠠᠵᠢᠯ ᠤᠨ ᠬᠤᠷᠢᠶ᠎ᠠ ᠲᠠᠢ ᠬᠤᠯᠪᠤᠭᠠᠯᠠᠨ ᠬᠥᠳᠡᠯᠦᠯᠴᠡᠵᠦ᠂ ︽ᠵᠠᠯᠠᠭᠤᠴᠤᠳ ᠤᠨ ᠴᠧᠩ ᠴᠠᠩ ᠬᠤᠷᠰᠢᠶ᠎ᠠ︾᠎ ᠶᠢᠨ ᠪᠠᠶᠢᠭᠤᠯᠤᠯᠲᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠳᠠᠭᠢᠨᠢ᠂ ᠰᠠᠶᠢᠨ ᠳᠤᠷ᠎ᠠ ᠶᠢᠨ ᠦᠢᠯᠡᠴᠢᠯᠡᠭᠡ᠂ ᠰᠢᠨ᠎ᠡ ᠶᠢ ᠡᠭᠦᠳᠴᠦ ᠬᠠᠷᠢᠯᠴᠠᠨ ᠬᠠᠪᠰᠤᠷᠤᠯᠴᠠᠬᠤ ᠵᠡᠷᠭᠡ ᠴᠢᠭᠯᠡᠯ ᠢᠶᠠᠷ ︽ᠨᠥᠬᠦᠷᠰᠡᠭ ᠰᠣᠨᠢᠷᠬᠠᠯᠲᠠᠢ︾ ᠵᠠᠯᠠᠭᠤᠴᠤᠳ ᠤᠨ ᠨᠡᠶᠢᠭᠡᠮ ᠤᠨ ᠪᠦᠯᠬᠦᠮ ᠤᠨ ᠬᠤᠯᠪᠣᠭ᠎ᠠ ᠶᠢ ᠪᠠᠶᠢᠭᠤᠯᠵᠤ᠂ ︽ᠵᠠᠬᠢᠶᠠᠯᠠᠭ᠎ᠠ ᠶᠢᠨ ᠬᠠᠭᠤᠳᠠᠰᠤ︾᠂ ︽ᠬᠠᠭᠤᠳᠠᠰᠤ ᠲᠤᠰᠬᠤ︾ ᠬᠡᠯᠪᠡᠷᠢ ᠪᠠᠷ ᠡᠷᠡᠭᠦᠯ ᠡᠩᠬᠡ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ᠂ ᠠᠵᠤ ᠠᠬᠤᠶᠢᠯᠠᠯ ᠵᠡᠷᠭᠡ ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠠᠴᠢᠶᠠᠯᠠᠪᠤᠷᠢ ᠶᠢ ᠪᠠᠶᠢᠭᠤᠯᠵᠤ᠂ ᠨᠠᠩ ᠴᠤ ᠵᠠᠯᠠᠭᠤ ᠺᠠᠳ᠋ᠷᠴᠤᠳ ᠤᠨ ᠦᠰᠦᠨ ᠪᠣᠶᠢᠵᠢᠵᠤ ᠳᠡᠭᠡᠭᠰᠢᠯᠡᠬᠦ᠂ ᠰᠣᠯᠢᠯᠴᠠᠭ᠎ᠠ ᠬᠢᠵᠦ ᠬᠠᠷᠢᠯᠴᠠᠨ ᠬᠥᠳᠡᠯᠦᠯᠴᠡᠬᠦ ᠶᠡᠭᠡ ᠣᠷᠴᠢᠨ ᠲᠣᠭᠤᠷᠢᠨ ᠢ ᠪᠠᠶᠢᠭᠤᠯᠬᠤ ᠳᠤ ᠠᠰᠢᠭᠲᠠᠢ ᠪᠣᠯᠭᠠᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ︽ᠵᠠᠯᠠᠭᠤ ᠨᠠᠰᠤᠨ ᠤ ᠦᠢᠯᠡᠳᠦᠯ︾᠎ ᠢ ᠨᠡᠮᠡᠭᠳᠡᠭᠦᠯᠦᠨ᠎ᠡ᠃ ᠵᠢᠯ ᠪᠦᠷᠢ ᠳᠤᠮᠳᠠᠴᠢ ᠪᠠᠷ ᠲᠤᠰᠬᠠᠢ ᠮᠡᠷᠭᠡᠵᠢᠯᠲᠡᠨ ᠤ ᠴᠢᠳᠠᠪᠤᠷᠢᠲᠠᠨ ᠢ ᠵᠣᠬᠢᠶᠠᠨ ᠪᠠᠶᠢᠭᠤᠯᠵᠤ ᠰᠤᠳᠤᠯᠤᠨ ᠰᠤᠷᠤᠯᠴᠠᠬᠤ ᠠᠩᠭᠢ᠂ ᠵᠠᠯᠠᠭᠤ ᠺᠠᠳ᠋ᠷ ᠴᠢᠳᠠᠪᠤᠷᠢᠲᠠᠨ ᠤ ᠰᠦᠭ ᠰᠦᠨᠡᠰᠦ ᠶᠢ ᠱᠤᠭᠤᠬᠤ ᠠᠩᠭᠢ ᠵᠡᠷᠭᠡ ᠡᠯ᠎ᠡ ᠲᠥᠷᠥᠯ ᠤᠨ ᠠᠩᠭᠢ ᠳᠤ 100 ᠭᠠᠷᠤᠢ ᠬᠥᠮᠥᠨ ᠤᠳᠠᠭ᠎ᠠ ᠣᠷᠣᠯᠴᠠᠭᠤᠯᠪᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠪᠤᠷᠢᠲᠠᠨ ᠢ ᠨᠢᠭᠲᠠᠷᠠᠭᠤᠯᠬᠤ᠂ ᠴᠢᠳᠠᠪᠤᠷᠢᠲᠠᠨ ᠳᠤ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠰᠦᠷ ᠳᠠᠯᠠᠶᠢᠴᠠᠲᠠᠢ ᠬᠦᠴᠦᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃        ᠴᠢᠳᠠᠪᠤᠷᠢᠲᠠᠨ ᠤ ᠬᠥᠭᠵᠢᠯᠲᠡ ᠶᠢᠨ ︽ᠠᠮᠢ ᠠᠬᠤᠢ ᠶᠢᠨ ᠬᠦᠷᠢᠶ᠎ᠡ︾᠎ ᠢ ᠪᠤᠢ  ᠪᠣᠯᠭᠠᠨ᠎ᠠ᠃ ᠨᠢᠭᠡ ᠳᠤ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠡᠷᠡᠭᠦᠯ ᠮᠡᠨᠳᠦ · ᠬᠠᠳᠠᠭᠠᠯᠠᠯᠲᠠ ᠶᠢᠨ ᠴᠢᠳᠠᠪᠤᠷᠢ︾ - ᠵᠠᠯᠠᠭᠤ ᠺᠠᠳ᠋ᠷᠴᠤᠳ ᠤᠨ ︽ᠭᠠᠷᠠᠭ ᠤᠨ ᠰᠡᠭᠦᠯᠴᠢ ᠶᠢᠨ ᠲᠣᠰᠣ ᠨᠡᠮᠡᠬᠦ ᠥᠷᠲᠡᠭᠡ︾᠎ ᠪᠠᠷ ᠵᠠᠯᠠᠭᠤ ᠺᠠᠳ᠋ᠷ᠂ ᠪᠡᠯᠡᠳᠬᠡᠯ ᠴᠢᠳᠠᠪᠤᠷᠢᠲᠠᠨ ᠤ ᠢᠳᠡᠪᠬᠢᠲᠡᠢ ᠠᠵᠢᠯ ᠬᠢᠬᠦ ᠶᠢ ᠠᠬᠢᠭᠤᠯᠵᠤ᠂ ︽ᠭᠠᠯᠠᠭᠤᠨ ᠪᠠᠶᠢᠯᠳᠤᠬᠤ ᠶᠢ ᠵᠡᠷᠭᠡᠪᠡᠷ ᠶᠠᠪᠤᠭᠤᠯᠬᠤ︾ ᠦᠢᠯᠡᠳᠦᠯ ᠢ ᠴᠢᠷᠮᠠᠶᠢᠨ ᠬᠥᠭᠵᠢᠭᠡᠪᠡ᠃ ᠬᠤᠶᠠᠷ ᠲᠤ᠂ ︽ᠤᠷᠤᠯᠳᠤᠭᠠᠨ ᠤ ᠲᠠᠶᠢᠰᠠ ᠶᠢᠨ ᠮᠣᠷᠢ ᠤᠷᠤᠯᠳᠤᠬᠤ︾᠎ ᠶᠢ ᠥᠷᠨᠢᠭᠦᠯᠪᠡ᠃ ︽ᠵᠠᠯᠠᠭᠤᠴᠤᠳ ᠤᠨ ᠴᠧᠩ ᠴᠠᠩ ᠬᠤᠷᠢᠶ᠎ᠠ︾᠂ ︽ᠴᠢᠬᠢ ᠮᠣᠳᠣ ᠪᠣᠶᠢᠵᠢᠭᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ︽ᠰᠤᠷᠤᠯᠴᠠᠯᠭ᠎ᠠ ᠶᠢᠨ ᠬᠤᠷᠰᠢᠶ᠎ᠠ︾᠂ ︽ᠰᠡᠳᠬᠢᠨ ᠪᠣᠳᠣᠯᠭᠠᠰᠢᠷᠠᠬᠤ︾ ᠲᠠᠪᠴᠠᠩ ᠢ ᠪᠠᠶᠢᠭᠤᠯᠵᠤ᠂ ᠶᠠᠷᠢᠶ᠎ᠠ ᠢᠯᠡᠳᠬᠡᠯ ᠤᠨ ᠮᠠᠷᠭᠤᠯᠳᠤᠭᠠᠨ᠂ ᠠᠯᠪᠠᠨ ᠪᠢᠴᠢᠭ ᠪᠢᠴᠢᠬᠦ᠂ ᠬᠡᠪ ᠴᠢᠨᠠᠷ ᠢ ᠥᠷᠭᠡᠳᠬᠡᠬᠦ᠂ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠨ ᠰᠤᠳᠤᠯᠬᠤ᠂ ᠠᠵᠢᠯ ᠤᠨ ᠪᠠᠶᠢᠷᠢ ᠪᠠ ᠲᠤᠬᠠᠶᠢᠯᠠᠭᠰᠠᠨ ᠠᠵᠢᠯ ᠤᠨ ᠦᠵᠡᠭᠦᠯᠦᠯᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠯᠠᠨ ᠲᠠᠯ᠎ᠠ ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠵᠤ᠂ ᠠᠳᠠᠯᠢᠳᠬᠠᠨ ᠰᠤᠷᠤᠯᠴᠠᠵᠤ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号