【ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ】ᠰᠡᠳᠬᠢᠯ ᠢ  ᠳᠤᠯᠠᠭᠠᠴᠠᠭᠤᠯᠬᠤ ᠦᠢᠯᠡᠴᠢᠯᠡᠭᠡᠨ ᠤ ᠠᠵᠢᠯᠯᠠᠭ᠎ᠠ - - ᠵᠡᠮᠳᠡᠭᠴᠦᠳ ᠲᠤ ᠠᠵᠢᠯ ᠣᠯᠭᠤᠬᠤ ᠤᠬᠠᠭᠤᠯᠭ᠎ᠠ
ᠨᠡᠶᠢᠲᠡᠯᠡᠭᠰᠡᠨ ᠴᠠᠭ᠄
2023/12/2
        11 ᠰᠠᠷ᠎ᠠ ᠶᠢᠨ 22᠎ ᠤᠨ ᠡᠳᠦᠷ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠵᠡᠮᠳᠡᠭᠴᠦᠳ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠤ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠪᠠᠢ ᠬᠤ᠋ ᠭᠧᠦ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠠᠴᠠ ᠵᠡᠮᠳᠡᠭᠴᠦᠳ ᠤᠨ ᠭᠡᠷ ᠪᠦᠯᠢ ᠶᠢᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1701222571764083643.png
        ᠡᠷᠦᠬᠡ ᠪᠦᠷᠢ ᠳᠤ ᠣᠷᠣᠬᠤ ᠪᠦᠷᠢ᠂ ᠠᠵᠢᠯᠲᠠᠳ ᠴᠥᠮ ᠵᠡᠮᠳᠡᠭᠴᠦᠳ ᠤᠨ ᠠᠵᠢᠯ ᠣᠯᠭᠤᠯᠲᠠ᠂ ᠠᠳᠠᠯ ᠦᠢᠯᠡᠰ ᠴᠣᠭᠴᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠢ ᠬᠦᠯᠢᠴᠡᠩᠭᠦᠢ ᠪᠠᠷ ᠲᠠᠶᠢᠯᠪᠤᠷᠢᠯᠠᠨ ᠶᠠᠷᠢᠵᠤ᠂ ᠵᠡᠮᠳᠡᠭᠴᠦᠳ ᠴᠥᠮ ᠣᠨᠴᠠᠭᠠᠶ ᠨᠠᠷᠢᠨ ᠬᠢᠨᠠᠮᠠᠭᠠᠢ ᠰᠣᠨᠣᠰᠪᠠ᠃ ᠠᠵᠢᠯᠲᠠᠳ ᠵᠡᠮᠳᠡᠭᠴᠦᠳ ᠨᠢᠭᠡᠪᠦᠷᠢ ᠶᠢᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠵᠢᠴᠢ ᠲᠡᠳᠡᠨ ᠤ ᠴᠠᠭ ᠮᠥᠴᠡ ᠲᠠᠢ ᠠᠵᠢᠯ ᠮᠡᠷᠭᠡᠵᠢᠯ ᠢ ᠨᠠᠷᠢᠨ ᠲᠡᠮᠳᠡᠭᠯᠡᠵᠦ᠂ ᠲᠣᠬᠢᠷᠠᠮᠵᠢᠲᠠᠢ ᠠᠵᠢᠯ ᠤᠨ ᠪᠠᠶᠢᠷᠢ ᠶᠢ ᠥᠨᠳᠥᠷ ᠪᠦᠲᠦᠮᠵᠢᠲᠡᠶ ᠪᠠᠷ ᠵᠣᠯᠭᠠᠭᠤᠯᠬᠤ ᠶᠢ ᠬᠦᠯᠢᠶᠡᠵᠦ᠂ ᠵᠡᠮᠳᠡᠭᠴᠦᠳ ᠤᠨ ᠠᠵᠢᠯ ᠣᠯᠬᠤ ᠠᠰᠠᠭᠤᠳᠠᠯ ᠢ ᠨᠠᠷᠢᠯᠢᠭ ᠣᠨᠣᠴᠠᠲᠠᠢ ᠪᠠᠷ ᠰᠢᠢᠳᠪᠦᠷᠢᠯᠡᠪᠡ᠃        ᠠᠵᠢᠯ ᠲᠥᠷᠥᠯ ᠨᠢ ᠵᠡᠮᠳᠡᠭᠴᠦᠳ ᠲᠤ ᠨᠠᠩ ᠣᠯᠠᠨ ᠢᠲᠡᠭᠡᠯ ᠪᠠ ᠪᠣᠳᠠᠲᠤ ᠠᠰᠢᠭ ᠬᠦᠷᠲᠡᠭᠡᠬᠦ ᠪᠣᠯ ᠲᠡᠳᠡᠨ ᠢ ᠬᠠᠪᠰᠤᠷᠤᠨ ᠠᠮᠢᠳᠤᠷᠠᠯ ᠤᠨ ᠢᠲᠡᠭᠡᠯ ᠢ ᠪᠣᠶ ᠪᠣᠯᠭᠠᠬᠤ ᠶᠢᠨ ᠵᠠᠩᠭᠢᠯᠠᠭ᠎ᠠ ᠮᠥᠨ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠨᠠᠩ ᠴᠤ ᠵᠡᠮᠳᠡᠭᠴᠦᠳ ᠤᠨ ᠬᠦᠴᠢᠷᠳᠡᠯ ᠠᠴᠠ ᠠᠩᠭᠢᠵᠢᠷᠠᠵᠤ ᠬᠦᠴᠢᠷᠳᠡᠯ ᠠᠴᠠ ᠠᠩᠭᠢᠵᠢᠷᠠᠬᠤ ᠶᠢᠨ ᠴᠢᠬᠤᠯᠠ ᠠᠷᠭ᠎ᠠ ᠵᠠᠮ ᠮᠥᠨ᠃ ᠬᠤᠶᠢᠰᠢᠳᠠ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭ ᠠᠵᠢᠯ ᠣᠯᠭᠤᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠣᠷᠣᠨ ᠤ ᠠᠵᠤ ᠠᠬᠤᠶᠢᠯᠠᠯ ᠯᠤᠭ᠎ᠠ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠬᠠᠷᠢᠶ᠎ᠠ ᠣᠷᠣᠨ ᠤ ᠵᠡᠮᠳᠡᠭᠴᠦᠳ ᠢ ᠴᠢᠷᠮᠠᠶᠢᠨ ᠬᠠᠪᠰᠤᠷᠴᠤ ᠠᠵᠢᠯ ᠣᠯᠭᠤᠬᠤ ᠬᠦᠰᠡᠯ ᠢ ᠨᠢ ᠪᠡᠶᠡᠯᠡᠭᠦᠯᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号