【 ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ】ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠤᠯᠭ᠎ᠠ ᠮᠠᠨ ᠤ ᠪᠠᠯᠭᠠᠰᠤᠨ ᠳᠤ ᠢᠷᠡᠵᠦ ᠵᠡᠮᠳᠡᠭᠴᠦᠳ ᠤᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2023/12/20
        11 ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠳᠤ ᠬᠦᠷᠴᠦ ᠵᠡᠮᠳᠡᠭᠴᠦᠳ ᠤᠨ ᠠᠵᠢᠯ ᠢ ᠱᠠᠯᠠᠪᠳᠠᠭᠤᠯᠤᠨ ᠵᠢᠯᠣᠭᠤᠳᠪᠠ᠃ ᠲᠡᠳᠡ ᠤᠷᠢᠳ ᠬᠤᠵᠢᠳ ᠭᠠᠩ ᠹᠠᠩ ᠳ᠋ᠢ ᠲᠣᠰᠬᠤᠨ ᠳᠤ ᠬᠦᠷᠴᠦ ᠵᠡᠮᠳᠡᠭᠴᠦᠳ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠪᠠᠯᠭᠠᠰᠤᠨ ᠤ ᠵᠠᠰᠠᠭ ᠤᠨ ᠣᠷᠳᠣᠨ ᠳᠤ ᠬᠦᠷᠴᠦ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠠᠵᠢᠯ ᠤᠨ ᠳᠠᠩᠰᠠ ᠡᠪᠬᠡᠮᠡᠯ ᠢ ᠨᠠᠷᠢᠨ ᠪᠠᠶᠢᠴᠠᠭᠠᠨ ᠦᠵᠡᠪᠡ᠃ ᠶᠠᠷᠢᠯᠴᠠᠬᠤ ᠳᠤᠮᠳᠠ ᠪᠠᠰᠠ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ 2023 ᠣᠨ ᠤ ᠬᠠᠷᠠᠯᠲᠠᠲᠤ ᠠᠵᠢᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
1702887237240004568.png
        ᠶᠠᠷᠢᠯᠴᠠᠬᠤ ᠳᠤᠮᠳᠠ ᠣᠯᠠᠨ ᠢᠶᠠᠷ ᠢᠶᠠᠨ ᠵᠡᠮᠳᠡᠭᠴᠦᠳ ᠤᠨ ᠬᠤᠯᠪᠣᠭ᠎ᠠ ᠶᠢᠨ ᠠᠵᠢᠯ ᠪᠣᠯ ᠬᠠᠶᠢᠷ᠎ᠠ ᠬᠠᠯᠠᠮᠵᠢ ᠶᠢᠨ ᠦᠢᠯᠡᠰ ᠮᠥᠨ᠂ ᠭᠠᠭᠴᠠ ᠬᠦ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠡᠨᠡ ᠬᠦ ᠠᠵᠢᠯ ᠢ ᠰᠠᠶᠢᠲᠤᠷ ᠬᠢᠵᠦ ᠴᠢᠳᠠᠨ᠎ᠠ ᠭᠡᠵᠦ ᠰᠠᠨᠠᠯ ᠨᠢᠭᠡᠲᠡᠢ ᠦᠵᠡᠪᠡ᠃ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠬᠤ ᠬᠤᠯᠪᠣᠭ᠎ᠠ᠂ ᠤᠬᠠᠭᠤᠯᠬᠤ ᠪᠢᠴᠢᠭ᠂ ᠲᠤᠰᠠᠯᠠᠬᠤ ᠪᠠᠭᠠᠵᠢ ᠶᠢᠨ ᠠᠵᠢᠯ ᠢ ᠬᠠᠷᠢᠭᠤᠴᠠᠵᠤ ᠪᠠᠶᠢᠭ᠎ᠠ ᠺᠠᠳ᠋ᠷ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ︽ᠬᠠᠪᠰᠤᠷᠤᠨ ᠭᠦᠢᠴᠡᠳᠬᠡᠬᠦ︾᠂ ︽ᠣᠷᠣᠯᠠᠨ ᠭᠦᠢᠴᠡᠳᠬᠡᠬᠦ︾ ᠵᠡᠷᠭᠡ ᠠᠵᠢᠯ ᠤᠨ ᠰᠢᠨ᠎ᠡ ᠶᠢ ᠡᠭᠦᠳᠬᠦ ᠠᠷᠭ᠎ᠠ ᠶᠢ ᠪᠦᠬᠦ ᠲᠠᠯ᠎ᠠ ᠪᠠᠷ ᠨᠤᠲᠠᠯᠠᠵᠤ᠂ ᠢᠯᠠᠩᠭᠤᠶ᠎ᠠ ᠳᠠᠩᠰᠠ ᠡᠪᠬᠡᠮᠡᠯ ᠪᠠ ᠤᠬᠠᠭᠤᠯᠬᠤ ᠠᠵᠢᠯ ᠤᠨ ᠲᠤᠬᠠᠢ ᠬᠥᠬᠢᠭᠦᠯᠦᠯ ᠳᠤᠷᠠᠳᠪᠠ᠃
1702887105521093520.png
        ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠺᠠᠳ᠋ᠷ ᠠᠵᠢᠯᠲᠠᠨ ᠠᠵᠢᠯᠴᠢᠨ ᠲᠤᠬᠠᠢ ᠶᠢᠨ ᠡᠳᠦᠷ ᠤᠨ ᠠᠵᠢᠯ ᠤᠨ ᠰᠣᠯᠢᠯᠴᠠᠭᠠᠨ ᠤ ᠳᠤᠮᠳᠠ ᠲᠤᠶᠢᠯ ᠢᠶᠠᠷ ᠵᠣᠷᠢᠭᠵᠢᠵᠤ᠂ ᠬᠤᠶᠢᠰᠢᠳᠠ ᠨᠠᠩ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠠᠯᠭᠠᠰᠤᠨ ᠤ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠨ᠎ᠠ ᠭᠡᠵᠦ ᠲᠣᠳᠣᠷᠬᠠᠢ ᠢᠯᠡᠷᠬᠡᠶᠢᠯᠡᠪᠡ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号