【 ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ】ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2023/12/21
        12 ᠰᠠᠷ᠎ᠠ ᠶᠢᠨ 4᠎ ᠤ ᠡᠳᠦᠷ᠂ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠺᠠᠳ᠋ᠷ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠬᠠᠷᠢᠶ᠎ᠠ ᠣᠷᠣᠨ ᠳᠠᠭᠠᠨ ︽ᠬᠠᠤᠯᠢ ᠶᠢ ᠰᠤᠷᠴᠤ ᠬᠠᠤᠯᠢ ᠶᠢ ᠰᠠᠬᠢᠵᠤ ᠵᠡᠮᠳᠡᠭᠴᠦᠳ ᠢ ᠬᠡᠷᠡᠭᠯᠡᠬᠦ ᠡᠷᠬᠡ ᠠᠰᠢᠭ ᠢ ᠪᠠᠲᠤᠯᠠᠬᠤ︾ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃        ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠵᠦ᠂ ᠵᠡᠮᠳᠡᠭᠴᠦᠳ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ︵ᠬᠤᠷᠮᠣᠶᠢᠪᠴᠢ︶ ᠲᠠᠷᠬᠠᠭᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠦᠴᠦᠲᠡᠢ ᠪᠠᠳᠠᠷᠠᠭᠤᠯᠪᠠ᠃
1703038340097098903.png
        ᠲᠣᠰ ᠤᠳᠠᠭᠠᠨ ᠤ ᠠᠵᠢᠯᠯᠠᠭ᠎ᠠ ᠨᠢ ᠵᠡᠮᠳᠡᠭᠴᠦᠳ ᠲᠤ 40 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠵᠡᠮᠳᠡᠭᠴᠦᠳ ᠤᠨ ᠦᠨᠳᠦᠰᠦᠨ ᠬᠠᠤᠯᠢ ᠶᠢᠨ ᠤᠬᠠᠮᠰᠠᠷ ᠢ ᠳᠡᠭᠡᠭᠰᠢᠯᠡᠭᠦᠯᠦᠨ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠰᠤᠷᠬᠤ᠂ ᠬᠠᠤᠯᠢ ᠶᠢ ᠬᠡᠷᠡᠭᠯᠡᠬᠦ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号