【 ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ】ᠳᠡᠯᠡᠬᠡᠢ ᠶᠢᠨ ᠵᠡᠮᠳᠡᠭᠴᠦᠳ ᠤᠨ ᠡᠳᠦᠷ ᠤᠨ ᠰᠢᠷᠢᠰ ᠠᠵᠢᠯᠯᠠᠭ᠎ᠠ ᠶᠢᠨ ᠭᠤᠷᠪᠠᠨ ᠪᠦᠯᠦᠭ ᠤᠳᠬ᠎ᠠ ᠤᠷᠠᠯᠢᠭ ᠨᠢ ᠵᠡᠮᠳᠡᠭᠴᠦᠳ ᠢ ᠬᠠᠪᠰᠤᠷᠤᠨ ᠵᠡᠮᠳᠡᠭᠴᠦᠳ ᠤᠨ ᠵᠣᠯ ᠵᠢᠷᠭᠠᠯᠲᠤ ᠠᠮᠢᠳᠤᠷᠠᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/12/21
        12 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠪᠡᠳᠬᠡᠷ ᠵᠤᠤ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠬᠠᠷᠢᠶᠠᠲᠤ ᠣᠷᠣᠨ ᠤ ᠵᠡᠮᠳᠡᠭ ᠬᠥᠮᠥᠰ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠴᠠᠩ ᠬᠠᠨ ᠭᠧᠦ ᠲᠣᠰᠬᠤᠨ ᠤ ᠠᠷᠠᠳ ᠤᠨ ᠵᠥᠪᠯᠡᠯ ᠳᠤ 40 ᠭᠠᠷᠤᠢ ᠵᠡᠮᠳᠡᠭ ᠬᠥᠮᠥᠰ ᠵᠢᠴᠢ ᠭᠡᠷ ᠪᠦᠯᠢ ᠶᠢᠨ ᠬᠢᠨ ᠢ ᠵᠣᠬᠢᠶᠠᠨ ᠪᠠᠶᠢᠭᠤᠯᠵᠤ ᠶᠧᠯᠸᠢ ᠵᠠᠰᠠᠯ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃
1703037672339020989.png
        ᠠᠵᠢᠯᠯᠠᠭ᠎ᠠ ᠶᠢ ᠠᠮᠢᠳᠤᠷᠠᠯ ᠳᠤ ᠨᠡᠩ ᠣᠶᠢᠷᠠᠲᠤᠭᠤᠯᠬᠤ ᠶᠢᠨ ᠲᠥᠯᠥᠭᠡ᠂ ᠵᠡᠮᠳᠡᠭᠴᠦᠳ ᠤᠨ ᠬᠤᠯᠪᠤᠭ᠎ᠠ ᠶᠢᠨ ᠺᠠᠲᠷ ᠨᠠᠰᠤᠲᠠᠶᠢᠴᠤᠳ ᠤᠨ ᠪᠠᠭ᠋ᠠᠷᠬᠠᠨ ᠬᠥᠵᠥᠷ ᠢᠶᠠᠷ ᠪᠠᠭᠠᠵᠢ ᠪᠣᠯᠭᠠᠨ ᠶᠧᠯᠸᠢ ᠶᠢᠨ ᠲᠣᠬᠯᠠᠯᠲᠠ ᠭᠠᠷᠭᠠᠵᠤ᠂ ᠲᠤᠬᠠᠢ ᠶᠢᠨ ᠲᠠᠯᠠᠪᠠᠢ ᠳᠤ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠪᠦᠷ ᠷᠢᠳᠢ ᠰᠢᠳᠢ ᠦᠵᠡᠭᠦᠯᠦᠨ ᠲᠣᠬᠯᠠᠯᠲᠠ ᠦᠵᠡᠵᠦ᠂ ᠬᠠᠮᠲᠤᠪᠠᠷ ᠳᠤᠯᠠᠵᠤ ᠪᠠᠶᠢᠭ᠎ᠠ ᠷᠢᠳᠢ ᠰᠢᠳᠢ ᠰᠢᠳᠢᠲᠦ ᠶᠢᠷᠲᠢᠨᠴᠦ ᠳᠤ ᠰᠣᠭᠲᠣᠭᠤᠷᠠᠵᠠᠢ᠃ ᠲᠣᠬᠯᠠᠯᠲᠠ ᠭᠠᠷᠭᠠᠬᠤ ᠳᠤᠮᠳᠠ ᠠᠯᠠᠭ᠎ᠠ ᠲᠠᠰᠢᠬᠤ ᠳᠠᠭᠤᠨ ᠪᠠ ᠤᠤᠬᠠᠶᠢᠯᠠᠬᠤ ᠳᠠᠭᠤᠨ ᠲᠠᠰᠤᠷᠠᠯᠲᠠ ᠦᠭᠡᠢ ᠭᠠᠷᠴᠤ᠂ ᠵᠡᠮᠳᠡᠭᠴᠦᠳ ᠤᠨ ᠨᠡᠶᠢᠭᠡᠮ ᠤᠨ ᠰᠣᠶᠣᠯ ᠤᠨ ᠠᠮᠢᠳᠤᠷᠠᠯ ᠳᠤ ᠣᠷᠤᠯᠴᠠᠬᠤ ᠢᠳᠡᠪᠬᠢᠵᠢᠯ ᠢ ᠲᠤᠶᠢᠯ ᠤᠨ ᠶᠡᠬᠡᠪᠡᠷ ᠳᠠᠶᠢᠴᠢᠯᠠᠭᠰᠠᠨ ᠪᠠᠶᠢᠨ᠎ᠠ᠃ 
1703037686583026691.png
        ᠲᠤᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠵᠡᠮᠳᠡᠭᠴᠦᠳ ᠤᠨ ᠵᠣᠯ ᠵᠢᠷᠭᠠᠯᠲᠤ ᠠᠮᠢᠳᠤᠷᠠᠯ ᠳᠤ ᠤᠯᠠᠮ ᠨᠢᠭᠡ ᠠᠯᠬᠤᠮ  ︽ᠺᠣᠳ᠋ ᠨᠡᠮᠡᠬᠦ︾ ᠶᠠᠪᠤᠳᠠᠯ ᠪᠣᠯᠵᠤ᠂ ᠵᠡᠮᠳᠡᠭᠴᠦᠳ ᠤᠨ ᠭᠡᠷ ᠠᠴᠠ ᠪᠠᠨ ᠭᠠᠷᠴᠤ ᠨᠡᠶᠢᠭᠡᠮ ᠳᠤ ᠣᠷᠣᠬᠤ ᠢᠲᠡᠭᠡᠯ ᠵᠣᠷᠢᠭ ᠢ ᠬᠦᠴᠦᠲᠡᠢ ᠴᠢᠩᠭᠠᠷᠠᠭᠤᠯᠵᠤ᠂ ᠵᠡᠮᠳᠡᠭᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号