ᠪᠡᠳᠬᠡᠷ ᠵᠣᠣ ᠪᠠᠯᠭᠠᠰᠤ ᠶᠢᠨ ᠵᠡᠮᠳᠡᠭᠴᠦᠳ ᠤᠨ ᠬᠤᠯᠪᠤᠭ᠎ᠠ ᠣᠯᠠᠨ ᠤᠯᠤᠰ ᠤᠨ ᠵᠡᠮᠳᠡᠭᠴᠦᠳ ᠤᠨ ᠡᠳᠦᠷ ᠤᠨ ᠰᠢᠷᠢᠰ ᠠᠵᠢᠯᠯᠠᠭ᠎ᠠ ᠶᠢᠨ ᠬᠤᠶᠠᠷ —ᠡᠷᠡᠭᠦᠯᠵᠢᠭᠦᠯᠬᠦ ᠮᠡᠳᠡᠯᠭᠡ ᠤᠬᠠᠭᠤᠯᠬᠤ ᠠᠵᠢᠯᠯᠠᠭ᠎ᠠ
ᠨᠡᠶᠢᠲᠡᠯᠡᠭᠰᠡᠨ ᠴᠠᠭ᠄
2023/12/21
        11 ᠰᠠᠷ᠎ᠠ ᠶᠢᠨ 30᠎ ᠤ ᠦᠳᠡ ᠶᠢᠨ ᠬᠤᠶᠢᠨ᠎ᠠ᠂ ᠪᠠᠯᠭᠠᠰᠤᠨ ᠤ ᠵᠡᠮᠳᠡᠭᠴᠦᠳ ᠤᠨ ᠬᠤᠯᠪᠤᠭ᠎ᠠ ᠣᠯᠠᠨ ᠤᠯᠤᠰ ᠤᠨ ᠵᠡᠮᠳᠡᠭᠴᠦᠳ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠷᠢᠶ᠎ᠠ ᠲᠣᠭᠤᠷᠢᠭ ᠤᠨ ᠲᠣᠰᠬᠤᠨ ᠤ ᠠᠷᠠᠳ ᠤᠨ ᠮᠡᠳᠡᠷᠡᠯ ᠤᠨ ᠡᠪᠡᠳᠴᠢᠨ ᠤ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠲᠷ ᠠᠵᠢᠯᠲᠠᠨ ᠢ ᠵᠣᠬᠢᠶᠠᠨ ᠪᠠᠶᠢᠭᠤᠯᠤᠨ ᠭᠠᠩ ᠹᠠᠩ ᠳ᠋ᠢ ᠲᠣᠰᠬᠤᠨ ᠳᠤ ᠨᠡᠶᠢᠭᠡᠮ ᠲᠣᠭᠤᠷᠢᠭ ᠤᠨ ᠣᠶᠤᠨ ᠤ ᠡᠷᠡᠭᠦᠯᠵᠢᠯ ᠤᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ 
1703037096377027071.png
        ᠠᠵᠢᠯᠯᠠᠭ᠎ᠠ ᠶᠢᠨ ᠠᠬᠤᠢ ᠲᠠᠯᠠᠪᠠᠢ ᠳᠤ ᠡᠷᠡᠭᠦᠯᠵᠢᠯ ᠢ ᠤᠬᠠᠭᠤᠯᠬᠤ ᠭᠠᠷ ᠳᠡᠪᠲᠡᠷ ᠵᠢᠴᠢ ᠠᠬᠤᠢ ᠲᠠᠯᠠᠪᠠᠢ ᠳᠤ ᠲᠠᠶᠢᠯᠪᠤᠷᠢᠯᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠨ᠂ ᠲᠣᠰᠬᠤᠨ ᠤ ᠠᠷᠠᠳ ᠵᠢᠴᠢ ᠵᠡᠮᠳᠡᠭᠴᠦᠳ ᠤᠨ ᠭᠡᠷ ᠪᠦᠯᠢ ᠳᠤ ᠣᠶᠤᠨ ᠮᠡᠳᠡᠷᠡᠯ ᠤᠨ ᠰᠠᠭᠠᠳ ᠢ ᠲᠠᠨᠢᠯᠴᠠᠭᠤᠯᠬᠤ ᠮᠡᠳᠡᠯᠭᠡ ᠶᠢ ᠲᠠᠨᠢᠯᠴᠠᠭᠤᠯᠵᠤ᠂ ᠲᠡᠳᠡᠨ ᠤ ᠣᠶᠤᠨ ᠮᠡᠳᠡᠷᠡᠯ ᠤᠨ ᠡᠪᠡᠳᠴᠢᠨ ᠢ ᠲᠠᠨᠢᠬᠤ ᠪᠠ ᠮᠠᠭᠠᠳᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠡᠢ᠃ ᠲᠤᠬᠠᠢ ᠶᠢᠨ ᠲᠠᠯᠠᠪᠤᠷ ᠤᠨ ᠲᠣᠰᠬᠤᠨ ᠤ ᠠᠷᠠᠳ᠄ ︽ᠲᠠᠨᠤᠰ ᠤᠨ ᠤᠬᠠᠭᠤᠯᠭ᠎ᠠ ᠶᠡᠭᠡ ᠰᠠᠶᠢᠨ ᠪᠠᠶᠢᠨ᠎ᠠ᠂ ᠣᠳᠣ ᠪᠢᠳᠡᠨ ᠤ ᠮᠡᠳᠡᠵᠦ ᠪᠠᠶᠢᠭ᠎ᠠ ᠮᠡᠳᠡᠯᠭᠡ ᠴᠦ ᠠᠷᠪᠢᠨ ᠪᠣᠯᠵᠠᠢ︾ ᠭᠡᠵᠦ ᠬᠤᠶᠢᠨ᠎ᠠ ᠬᠤᠶᠢᠨ᠎ᠠ ᠠᠴᠠ ᠪᠠᠨ ᠢᠯᠡᠳᠬᠡᠵᠡᠭᠡᠪᠡ᠃ ᠲᠠᠨ ᠤ ᠦᠢᠯᠡᠴᠢᠯᠡᠭᠡ ᠤᠯᠠᠮ ᠠᠴᠠ ᠤᠯᠠᠮ ᠪᠦᠭᠦ ᠲᠠᠯ᠎ᠠ ᠪᠠᠷ᠂ ᠤᠯᠠᠮ ᠠᠴᠠ ᠤᠯᠠᠮ ᠨᠠᠷᠢᠯᠢᠭ ᠪᠣᠯᠵᠤ ᠪᠠᠶᠢᠨ᠎ᠠ᠂ ᠶᠡᠭᠡ ᠰᠠᠶᠢᠨ ᠲᠣᠩ ᠰᠠᠶᠢᠨ︕︾         ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠢᠵᠠᠭᠠᠷ ᠣᠷᠣᠨ ᠤ ᠮᠠᠯᠴᠢᠨ ᠲᠠᠷᠢᠶᠠᠴᠢᠳ ᠵᠢᠴᠢ ᠵᠡᠮᠳᠡᠭᠴᠦᠳ ᠤᠨ ᠣᠶᠤᠨ ᠮᠡᠳᠡᠷᠡᠯ ᠤᠨ ᠡᠪᠡᠳᠴᠢᠨ ᠤ ᠮᠡᠳᠡᠯᠭᠡ ᠪᠣᠯᠣᠨ ᠥᠪᠡᠷ ᠢ ᠪᠠᠨ ᠬᠠᠮᠠᠭᠠᠯᠠᠬᠤ ᠮᠡᠳᠡᠯᠭᠡ ᠶᠢᠨ ᠬᠢᠷᠢ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠣᠶᠤᠨ ᠮᠡᠳᠡᠷᠡᠯ ᠤᠨ ᠲᠥᠷᠥᠯ ᠤᠨ ᠵᠡᠮᠳᠡᠭᠴᠦᠳ ᠢ ᠣᠶᠢᠯᠠᠭᠠᠬᠤ᠂ ᠭᠥᠯᠢᠶᠡᠨ ᠠᠪᠬᠤ᠂ ᠬᠠᠯᠠᠮᠵᠢᠯᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号