ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠭᠠᠷ ᠬᠤᠯᠪᠣᠨ ︽ᠡᠮᠴᠢᠯᠡᠭᠡ︾ ᠵᠠᠮ ᠢ ᠬᠠᠮᠲᠤᠪᠠᠷ ᠪᠠᠶᠢᠭᠤᠯᠤᠶ᠎ᠠ
ᠨᠡᠶᠢᠲᠡᠯᠡᠭᠰᠡᠨ ᠴᠠᠭ᠄
2023/12/21
        ᠣᠶᠢᠷ᠎ᠠ ᠶᠢᠨ ᠡᠳᠦᠷ᠂ ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠪᠣᠯᠣᠨ  ᠱᠧᠨ ᠹᠠ ᠨᠡᠶᠢᠭᠡᠮ ᠲᠣᠭᠤᠷᠢᠭ ᠤᠨ ᠬᠠᠮᠲᠤᠷᠠᠨ ᠳᠠᠭᠠᠭᠠᠴᠢᠯᠠᠵᠤ ᠬᠤᠶᠠᠳᠤᠭᠠᠷ ᠬᠠᠷᠢᠶᠠᠲᠤ ᠬᠦᠷᠢᠶᠡᠯᠡᠩ᠂ ᠨᠢᠭᠡᠳᠦᠭᠡᠷ ᠬᠠᠷᠢᠶᠠᠲᠤ ᠬᠦᠷᠢᠶᠡᠯᠡᠩ ︽︿ᠡᠮᠨᠡᠯᠭᠡ﹀᠎ ᠶᠢ ᠬᠠᠮᠲᠤᠷᠠᠨ ᠪᠠᠶᠢᠭᠤᠯᠵᠤ ᠬᠠᠮᠲᠤ ᠠᠶᠠᠯᠠᠬᠤ ᠳᠤ᠂ ᠲᠤᠰᠬᠠᠢ ᠮᠡᠷᠭᠡᠵᠢᠯᠲᠡᠳ ᠤᠨ ᠠᠯᠪᠠᠨ ᠵᠢᠷᠤᠮ ᠤᠨ ᠡᠮᠴᠢᠯᠡᠭᠡ ᠨᠢᠭᠡᠯᠡ ᠵᠠᠶᠢᠲᠠᠢ ᠪᠠᠶᠢᠬᠤ︾ ᠠᠵᠢᠯᠯᠠᠭ᠎ᠠ ᠥᠷᠨᠢᠭᠦᠯᠵᠡᠢ᠃ 
1703035940080055205.png
        ᠰᠠᠶᠢᠨ ᠳᠤᠷ᠎ᠠ ᠶᠢᠨ ᠡᠮᠴᠢᠯᠡᠭᠡᠨ ᠤ ᠲᠤᠬᠠᠢ ᠶᠢᠨ ᠭᠠᠵᠠᠷ ᠲᠤ᠂ ᠡᠮᠴᠢ ᠨᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠪᠣᠯᠣᠨ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠪᠣᠯᠣᠨ ᠪᠠᠶᠢᠳᠠᠯ ᠢ ᠦᠨᠳᠦᠰᠦᠯᠡᠨ᠂ ᠴᠢᠰᠤᠨ ᠰᠢᠬᠢᠷ᠂ ᠴᠢᠰᠤᠨ ᠳᠠᠷᠤᠯᠲᠠ᠂ ᠪᠤᠳᠤᠭᠲᠤ ᠭᠡᠳᠦ ᠳᠣᠯᠭᠢᠶᠠᠨ᠂ ᠵᠢᠷᠦᠬᠡᠨ ᠴᠠᠭᠢᠯᠭᠠᠨ ᠵᠢᠷᠤᠭ ᠵᠡᠷᠭᠡ ᠪᠠᠶᠢᠴᠠᠭᠠᠯᠲᠠ ᠶᠢ ᠴᠢᠭᠯᠡᠭᠦᠯᠬᠦ ᠴᠢᠨᠠᠷᠲᠠᠢ ᠪᠠᠷ ᠬᠢᠵᠦ᠂ ᠰᠠᠭᠤᠭᠠᠯᠢ ᠠᠷᠠᠳ ᠪᠣᠯᠣᠨ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠡᠮᠴᠢᠯᠡᠭᠡ ᠶᠢᠨ ᠠᠯᠢ ᠣᠯᠠᠨ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃ ᠠᠯᠪᠠᠨ ᠵᠢᠷᠤᠮ ᠤᠨ ᠡᠮᠴᠢᠯᠡᠭᠡ ᠳᠠᠭᠤᠰᠤᠭᠰᠠᠨ ᠠᠴᠠ ᠬᠤᠶᠢᠰᠢ᠂ ᠨᠡᠶᠢᠲᠡ 60 ᠭᠠᠷᠤᠢ ᠬᠥᠮᠥᠨ ᠢ ᠭᠥᠯᠢᠶᠡᠨ ᠠᠪᠴᠤ ᠡᠮᠴᠢᠯᠡᠭᠰᠡᠨ ᠪᠠᠶᠢᠨ᠎ᠠ᠃          ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠪᠠ ᠵᠡᠮᠳᠡᠭᠴᠦᠳ ᠲᠤ ᠨᠢᠭᠤᠷᠳᠠᠵᠤ᠂ ᠵᠠᠢ ᠵᠠᠪᠰᠠᠷ ᠦᠭᠡᠢ᠂ ᠲᠤᠰᠬᠠᠢ ᠮᠡᠷᠭᠡᠵᠢᠯ ᠤᠨ ᠡᠮᠴᠢᠯᠡᠭᠡ ᠶᠢᠨ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ᠂ ᠬᠠᠷᠢᠶ᠎ᠠ ᠣᠷᠣᠨ ᠤ ᠰᠠᠭᠤᠭᠠᠯᠢ ᠠᠷᠠᠳ ᠪᠠ ᠵᠡᠮᠳᠡᠭᠴᠦᠳ ᠤᠨ ᠥᠪᠡᠷ ᠤᠨ ᠡᠷᠡᠭᠦᠯ ᠮᠡᠨᠳᠦ ᠪᠠᠨ ᠬᠠᠮᠠᠭᠠᠯᠠᠬᠤ ᠤᠬᠠᠮᠰᠠᠷ ᠪᠠ ᠡᠪᠡᠳᠴᠢᠨ ᠢ ᠰᠡᠷᠭᠡᠶᠢᠯᠡᠬᠦ ᠤᠬᠠᠮᠰᠠᠷ ᠢ ᠨᠢ ᠴᠦ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠳ᠋ᠠ ᠼᠢ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠤᠭ᠎ᠠ ᠪᠣᠯᠣᠨ ᠱᠧᠩ ᠹᠠ ᠨᠡᠶᠢᠭᠡᠮ ᠲᠣᠭᠤᠷᠢᠭ ᠰᠠᠭᠤᠭᠠᠯᠢ ᠠᠷᠠᠳ ᠪᠣᠯᠣᠨ ᠵᠡᠮᠳᠡᠭᠴᠦᠳ ᠤᠨ ᠪᠠᠴᠢᠮ ᠬᠡᠷᠡᠭᠴᠡᠭᠡ ᠶᠢ ᠦᠷᠭᠦᠯᠵᠢᠯᠡᠨ ᠣᠨᠣᠪᠴᠢᠲᠠᠢ ᠡᠷᠢᠵᠦ᠂ ᠡᠯ᠎ᠡ ᠲᠥᠷᠥᠯ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠥᠷᠨᠢᠭᠦᠯᠬᠦ ᠪᠣᠯᠣᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号