ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠶᠢᠨ ︽ᠤᠯᠤᠰ ᠤᠨ ᠦᠨᠳᠦᠰᠦᠨ ᠬᠠᠤᠯᠢ ᠶᠢᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/21
        12 ᠰᠠᠷ᠎ᠠ ᠶᠢᠨ 4᠎ ᠤ ᠡᠳᠦᠷ ᠪᠣᠯ ᠠᠷᠪᠠᠳᠤᠭᠠᠷ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ᠎ᠠ᠂ ᠡᠭᠦᠨ ᠤ ᠬᠠᠮᠲᠤ 12 ᠰᠠᠷ᠎ᠠ ᠶᠢᠨ 1᠎ ᠤ ᠡᠳᠦᠷ ᠠᠴᠠ 7᠎ ᠤ ᠡᠳᠦᠷ ᠪᠤᠯᠲᠠᠯ᠎ᠠ ᠪᠣᠯ ᠵᠢᠷᠭᠤᠳᠤᠭᠠᠷ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠪᠣᠯᠣᠨ᠎ᠠ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠪᠣᠯᠣᠨ ᠭᠠᠵᠠᠷ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠠᠭᠤᠳᠠᠮ ᠲᠠᠯᠠᠪᠠᠢ ᠳᠤ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠪᠦᠲᠦᠭᠡᠨ ᠪᠠᠶᠢᠭᠤᠯᠬᠤ︾᠎ ᠪᠠᠷ ᠭᠤᠣᠯ ᠰᠡᠳᠦᠪ ᠪᠤᠯᠭᠠᠬᠰᠠᠨ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃
1703037413871099338.png
        ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠶᠢᠨ ᠺᠠᠲᠷ ᠠᠵᠢᠯᠲᠠᠨ ᠲᠤᠬᠠᠢ ᠶᠢᠨ ᠲᠠᠯᠠᠪᠠᠢ ᠳᠤ ᠨᠠᠰᠢ ᠴᠠᠰᠢ ᠶᠠᠪᠤᠵᠤ ᠪᠠᠶᠢᠭ᠎ᠠ ᠵᠡᠮᠳᠡᠭᠴᠦᠳ ᠤᠨ ᠣᠯᠠᠨ ᠲᠦᠮᠡᠨ ᠳᠤ ︽ᠦᠨᠳᠦᠰᠦᠨ ᠬᠠᠤᠯᠢ︾ ︽ᠢᠷᠭᠡᠨ ᠤ ᠬᠠᠤᠯᠢ ᠶᠢᠨ ᠪᠢᠴᠢᠭ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ︽ᠵᠡᠮᠳᠡᠭᠴᠦᠳ ᠲᠤ ᠠᠵᠢᠯ ᠣᠯᠭᠤᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠪᠣᠯᠣᠨ ᠵᠡᠮᠳᠡᠭᠴᠦᠳ ᠢ ᠬᠠᠪᠰᠤᠷᠴᠤ ᠵᠡᠮᠳᠡᠭᠴᠦᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠣᠯᠭᠤᠬᠤ ᠶᠢᠨ ᠬᠠᠮᠲᠤ ᠲᠠᠶᠢᠯᠪᠤᠷᠢᠯᠠᠵᠤ᠂ ᠣᠯᠠᠨ ᠲᠦᠮᠡᠨ ᠤ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠦ᠂ ᠬᠠᠷᠢᠶ᠎ᠠ ᠣᠷᠣᠨ ᠤ ᠵᠡᠮᠳᠡᠭᠴᠦᠳ ᠤᠨ ᠦᠨᠳᠦᠰᠦᠨ ᠬᠠᠤᠯᠢ ᠶᠢ ᠰᠤᠷᠤᠯᠴᠠᠬᠤ ᠤᠷᠮ᠎ᠠ ᠪᠠᠬ᠎ᠠ ᠶᠢ ᠨᠢ ᠬᠥᠭᠵᠢᠭᠡᠵᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠦᠵᠡᠯ ᠤᠬᠠᠮᠰᠠᠷ ᠢ ᠨᠢ ᠨᠡᠮᠡᠭᠳᠡᠭᠦᠯᠬᠦ ᠬᠡᠷᠡᠭᠲᠡᠢ᠃ 
1703037464601090039.png
        ᠠᠵᠢᠯᠯᠠᠭᠠᠨ ᠤ ᠳᠤᠮᠳᠠ ᠵᠡᠮᠳᠡᠭᠴᠦᠳ ᠤᠨ ᠬᠤᠯᠪᠣᠭᠠᠲᠤ ᠬᠤᠷᠠᠯ ᠤᠨ ᠺᠠᠲᠷ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠡᠮᠳᠡᠭᠴᠦᠳ ᠢ ᠲᠤᠰᠠᠯᠠᠬᠤ ᠪᠠᠷ ᠴᠢᠷᠮᠠᠶᠢᠬᠤ ᠶᠢ ᠢᠳᠡᠪᠬᠢᠲᠡᠢ ᠰᠠᠨᠠᠭᠠᠴᠢᠯᠠᠵᠤ᠂ ᠪᠦᠭᠦ ᠨᠡᠶᠢᠭᠡᠮ ᠢᠶᠠᠷ ᠢᠶᠠᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠬᠠᠯᠠᠮᠵᠢᠯᠠᠵᠤ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠮᠳᠡᠭᠴᠦᠳ ᠢ ᠡᠷᠡᠭᠦᠯ ᠴᠢᠭᠢᠷᠡᠭ ᠬᠠᠮᠲᠤᠪᠠᠷ ᠠᠭᠤᠰᠤᠯᠴᠠᠭᠤᠯᠤᠭᠰᠠᠨ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ ᠴᠢᠷᠮᠠᠶᠢᠨ ᠪᠠᠶᠢᠭᠤᠯᠤᠨ᠎ᠠ᠃ 
  1703037501581042770.png
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号